Paper Information


Title ᠮᠡᠳᠡᠯᠭᠡ ᠶᠢᠨ ᠠᠵᠤ ᠠᠬᠤᠢ ᠶᠢᠨ ᠨᠦᠬᠦᠴᠡᠯ ᠳᠤᠤᠷᠠᠬᠢ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠦ ᠰᠡᠳᠭᠦᠯ ᠦᠨ ᠰᠢᠨᠡᠴᠢᠯᠡᠯ ᠦᠨ ᠠᠰᠠᠭᠤᠳᠠᠯ ᠳᠤ
Creator ᠳ᠋‍᠂ ᠬᠦᠭ᠍ᠵᠢᠯᠲᠦ
Keyword ᠮᠡᠳᠡᠯᠭᠡ ᠶᠢᠨ ᠠᠵᠤ ᠠᠬᠤᠢ; ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠦ ᠰᠡᠳᠭᠦᠯ; ᠦᠵᠡᠯ ᠤᠬᠠᠮᠰᠠᠷ ᠤᠨ ᠰᠢᠨᠡᠴᠢᠯᠡᠯ; ᠴᠢᠨᠠᠷ ᠴᠢᠨᠰᠠᠭ᠎ᠠ ᠶᠢᠨ ᠰᠢᠨᠡᠴᠢᠯᠡᠯ; ᠣᠢ᠌ᠯᠠᠭᠠᠬᠤᠨ ᠤ ᠰᠢᠨᠡᠴᠢᠯᠡᠯ; ᠬᠠᠮᠢᠶᠠᠷᠤᠯᠲᠠ ᠶᠢᠨ ᠰᠢᠨᠡᠴᠢᠯᠡᠯ
Abstract ᠮᠡᠳᠡᠯᠭᠡ ᠶᠢᠨ ᠠᠵᠤ ᠠᠬᠤᠢ ᠶᠢᠨ ᠴᠠᠭ ᠦᠶ᠎ᠡ ᠪᠤᠯ ᠰᠢᠨᠡᠴᠢᠯᠡᠯ ᠢᠶᠡᠷ ᠦᠪᠡᠷ ᠦᠨ ᠢᠶᠡᠨ ᠬᠦᠭ᠍ᠵᠢᠯᠲᠡ ᠶᠢᠨ ᠬᠦᠳᠡᠯᠭᠡᠬᠦ ᠬᠦᠴᠦᠨ ᠢᠶᠡᠨ ᠪᠤᠯᠭᠠᠭᠰᠠᠨ ᠴᠠᠭ ᠦᠶ᠎ᠡ ᠪᠤᠯᠤᠨ᠎ᠠ᠃ ᠺᠤᠮᠫᠢᠦ᠋ᠲ᠋ᠧᠷ ᠤᠨ ᠮᠡᠷᠭᠡᠵᠢᠯ᠂ ᠴᠢᠮᠡᠭᠡ ᠬᠠᠷᠢᠯᠴᠠᠭᠠᠨ ᠤ ᠮᠡᠷᠭᠡᠵᠢᠯ᠂ ᠲᠤᠤᠷ ᠰᠦᠯᠵᠢᠶᠡᠨ ᠦ ᠮᠡᠷᠭᠡᠵᠢᠯ᠂ ᠰᠤᠷᠠᠭ ᠵᠠᠩᠭᠢ ᠶᠢ ᠰᠢᠢᠳᠪᠦᠷᠢᠯᠡᠬᠦ ᠮᠡᠷᠭᠡᠵᠢᠯ ᠦᠨ ᠨᠢᠰᠬᠦ ᠮᠡᠲᠦ ᠲᠦᠷᠭᠡᠨ ᠬᠦᠭ᠍ᠵᠢᠯᠲᠡ ᠪᠡ ᠲᠡᠳᠡᠭᠡᠷ ᠦᠨ ᠬᠤᠭᠤᠷᠤᠨᠳᠤᠬᠢ ᠤᠶᠠᠯᠳᠤᠯ ᠨᠢ ᠬᠤᠭᠤᠴᠠᠭᠠᠲᠤ ᠰᠡᠳᠭᠦᠯ ᠦᠨ ᠨᠠᠢ᠌ᠷᠠᠭᠤᠯᠵᠤ ᠬᠡᠪᠯᠡᠬᠦ ᠠᠵᠢᠯ ᠢ ᠪᠠᠭᠲᠠᠭᠠᠭᠰᠠᠨ ᠮᠡᠳᠡᠯᠭᠡ ᠶᠢᠨ ᠦᠢᠯᠳᠪᠦᠷᠢᠯᠡᠯ᠂ ᠲᠠᠷᠬᠠᠭᠠᠯᠲᠠ ᠳᠡᠯᠭᠡᠷᠡᠭᠦᠯᠦᠯ ᠪᠡ ᠠᠰᠢᠭᠯᠠᠯᠲᠠ ᠳᠤ ᠤᠷᠢᠳ ᠡᠮᠦᠨ᠎ᠡ ᠭᠠᠷᠤᠭ᠎ᠠ ᠦᠭᠡᠢ ᠨᠦᠯᠦᠭᠡ ᠦᠵᠡᠭᠦᠯᠬᠦ ᠪᠤᠯᠤᠭᠰᠠᠨ ᠪᠠᠢ᠌ᠨ᠎ᠠ᠃ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠦ ᠰᠡᠳᠭᠦᠯ ᠨᠢ ᠣᠳᠣ ᠦᠶ᠎ᠡ ᠶᠢᠨ ᠰᠢᠨᠵᠢᠯᠡᠬᠦ ᠮᠡᠷᠭᠡᠵᠢᠯ᠂ ᠰᠤᠶᠤᠯ ᠤᠨ ᠰᠤᠷᠠᠭ ᠵᠠᠩᠭᠢ ᠶᠢ ᠲᠠᠷᠬᠠᠭᠠᠨ ᠤᠯᠠᠮᠵᠢᠯᠠᠬᠤ ᠵᠠᠭᠤᠴᠢ ᠪᠤᠯᠬᠤ ᠶᠢᠨ ᠬᠤᠪᠢ ᠳᠤ ᠂ ᠬᠡᠷᠪᠡ ᠴᠠᠭ ᠦᠶ᠎ᠡ ᠶᠢᠨ ᠬᠦᠭ᠍ᠵᠢᠯᠲᠡ ᠶᠢᠨ ᠠᠢ᠌ᠵᠠᠮ ᠢ ᠳᠠᠭᠠᠵᠤ ᠭᠦᠢᠴᠡᠶ᠎ᠡ ᠭᠡᠪᠡᠯ ᠡᠷᠬᠡᠪᠰᠢ ᠮᠡᠳᠡᠯᠭᠡ ᠶᠢᠨ ᠠᠵᠤ ᠠᠬᠤᠢ ᠶᠢᠨ ᠴᠠᠭ ᠦᠶ᠎ᠡ ᠯᠦᠭᠡ ᠲᠤᠬᠢᠷᠠᠯᠴᠠᠭᠰᠠᠨ ᠰᠢᠨᠡᠴᠢᠯᠡᠯ ᠦᠨ ᠠᠷᠭ᠎ᠠ ᠵᠠᠮ ᠢ ᠰᠦᠪᠡᠭ᠍ᠴᠢᠯᠡᠬᠦ ᠬᠡᠷᠡᠭᠲᠡᠢ᠃ ᠵᠤᠬᠢᠶᠠᠭᠴᠢ ᠶᠢᠨ ᠦᠵᠡᠬᠦ ᠪᠡᠷ᠂ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠦ ᠰᠡᠳᠭᠦᠯ ᠦᠨ ᠬᠢᠨ ᠭᠠᠭᠴᠠ ᠭᠦ ᠦᠵᠡᠯ ᠤᠬᠠᠮᠰᠠᠷ᠂ ᠴᠢᠨᠠᠷ ᠴᠢᠨᠰᠠᠭ᠎ᠠ᠂ ᠣᠢ᠌ᠯᠠᠭᠠᠬᠤᠨ᠂ ᠬᠠᠮᠢᠶᠠᠷᠤᠯᠲᠠ ᠵᠡᠷᠭᠡ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠡᠭᠦᠳᠦᠯ ᠢ ᠬᠦᠭᠡᠭᠡᠴᠡᠯᠳᠦᠪᠡᠯ ᠰᠠᠶ‍ᠢ ᠡᠳᠦᠷ ᠢᠷᠡᠬᠦᠶ᠎ᠡ ᠰᠢᠷᠦᠭᠦᠰᠴᠦ ᠪᠦᠬᠦᠢ ᠦᠷᠢᠰᠦᠯᠳᠦᠭᠡᠨ ᠳᠤᠮᠳᠠ ᠢᠯᠠᠭᠳᠠᠰᠢ ᠦᠭᠡᠢ ᠪᠠᠢ᠌ᠷᠢᠨ ᠳᠤ ᠵᠤᠭᠰᠤᠵᠤ ᠴᠢᠳᠠᠨ᠎ᠠ᠃
Original Literature View Original Paper
出自 内蒙古民族大学学报(自然科学) 2011年 第2期

联系我们


内蒙古大学图书馆
呼和浩特市大学西路235号
中国·内蒙古
P: (0471) 4992561
E: huangfeilong@imu.edu.cn