Title |
ᠦᠪᠦᠷ ᠮᠣᠩᠭᠤᠯ ᠤᠨ ᠭᠤᠭᠤᠰᠤᠲᠠᠢ ᠬᠠᠨ ᠠᠭᠤᠯᠠ ᠤᠯᠤᠰ ᠤᠨ ᠳᠡᠰ ᠦᠨ ᠪᠠᠢᠭᠠᠯᠢ ᠶᠢᠨ ᠬᠠᠮᠠᠭᠠᠯᠠᠯᠲᠠ ᠶᠢᠨ ᠣᠷᠤᠨ ᠳᠠᠬᠢ ᠬᠡᠭᠡᠷ᠎ᠡ ᠶᠢᠨ ᠠᠮᠢᠲᠠᠨ ᠤ ᠣᠯᠠᠨ ᠵᠦᠢᠯᠲᠦ ᠴᠢᠨᠠᠷ ᠵᠢᠴᠢ ᠬᠠᠮᠠᠭᠠᠯᠠᠯᠲᠠ |
Creator |
ᠰᠤᠷᠤᠨ᠎ᠠ; ᠵᠤᠤ ᠭᠡᠷᠡᠯᠲᠦ |
Keyword |
ᠦᠪᠦᠷ ᠮᠣᠩᠭᠤᠯ; ᠭᠤᠭᠤᠰᠤᠲᠠᠢ ᠬᠠᠨ ᠠᠭᠤᠯᠠ; ᠪᠠᠢᠭᠠᠯᠢ ᠶᠢᠨ ᠬᠠᠮᠠᠭᠠᠯᠠᠯᠲᠠ ᠶᠢᠨ ᠣᠷᠤᠨ; ᠬᠡᠭᠡᠷ᠎ᠡ ᠶᠢᠨ ᠠᠮᠢᠲᠠᠨ; ᠣᠯᠠᠨ ᠵᠦᠢᠯᠲᠦ ᠴᠢᠨᠠᠷ |
Abstract |
2012 — 2014 ᠣᠨ ᠤ ᠬᠤᠭᠤᠷᠤᠨᠳᠤ ᠦᠪᠦᠷ ᠮᠣᠩᠭᠤᠯ ᠤᠨ ᠭᠤᠭᠤᠰᠤᠲᠠᠢ ᠬᠠᠨ ᠠᠭᠤᠯᠠ ᠤᠯᠤᠰ ᠤᠨ ᠳᠡᠰ ᠦᠨ ᠪᠠᠢᠭᠠᠯᠢ ᠶᠢᠨ ᠬᠠᠮᠠᠭᠠᠯᠠᠯᠲᠠ ᠶᠢᠨ ᠣᠷᠤᠨ ᠳᠤ ᠬᠡᠭᠡᠷ᠎ᠡ ᠶᠢᠨ ᠪᠠᠢᠴᠠᠭᠠᠯᠲᠠ ᠬᠢᠭᠰᠡᠨ ᠲᠤᠭ᠎ᠠ ᠪᠠᠷᠢᠮᠲᠠ ᠶᠢ ᠤᠤᠯ ᠤᠨ ᠪᠠᠢᠴᠠᠭᠠᠯᠲᠠ ᠶᠢᠨ ᠲᠡᠮᠳᠡᠭᠯᠡᠯ ᠲᠡᠢ ᠨᠡᠢᠯᠡᠭᠦᠯᠦᠭᠡᠳ᠂ ᠲᠤᠰ ᠬᠠᠮᠠᠭᠠᠯᠠᠯᠲᠠ ᠶᠢᠨ ᠣᠷᠤᠨ ᠳᠤ ᠨᠡᠢᠲᠡ 5 ᠠᠩᠭᠢ 29 ᠪᠠᠭ 70 ᠢᠵᠠᠭᠤᠷ ᠤᠨ 255 ᠳᠦᠷᠰᠦ ᠬᠡᠭᠡᠷ᠎ᠡ ᠶᠢᠨ ᠠᠮᠢᠲᠠᠨ ᠢ ᠪᠦᠷᠢᠳᠭᠡᠵᠡᠢ᠃ ᠡᠭᠦᠨ ᠳᠦ ᠤᠯᠤᠰ ᠤᠨ ᠨᠢᠭᠡᠳᠦᠭᠡᠷ ᠳᠡᠰ ᠦᠨ ᠬᠠᠮᠠᠭᠠᠯᠠᠯᠲᠠ ᠶᠢᠨ ᠠᠮᠢᠲᠠᠨ 2 ᠳᠦᠷᠰᠦ᠂ ᠬᠤᠶᠠᠳᠤᠭᠠᠷ ᠳᠡᠰ ᠦᠨ ᠬᠠᠮᠠᠭᠠᠯᠠᠯᠲᠠ ᠶᠢᠨ ᠠᠮᠢᠲᠠᠨ 37 ᠳᠦᠷᠰᠦ ᠪᠠᠢᠵᠤ᠂ ᠳᠤᠮᠳᠠᠳᠤ ᠤᠯᠤᠰ ᠤᠨ ᠬᠤᠪᠤᠷ ᠴᠤᠬᠠᠭ ᠠᠮᠢᠲᠠᠨ ᠤ ᠤᠯᠠᠭᠠᠨ ᠭᠠᠳᠠᠷᠲᠤ ᠨᠤᠮ ᠳᠤ ᠲᠡᠮᠳᠡᠭᠯᠡᠭᠳᠡᠭᠰᠡᠨ ᠨᠢ 18 ᠳᠦᠷᠰᠦ᠂ ᠮᠦᠬᠦᠭᠳᠡᠮᠡᠷ ᠪᠠᠢᠭ᠎ᠠ ᠬᠡᠭᠡᠷ᠎ᠡ ᠶᠢᠨ ᠠᠮᠢᠲᠠᠨ ᠤᠷᠭᠤᠮᠠᠯ ᠤᠨ ᠳᠡᠯᠡᠬᠡᠢ ᠶᠢᠨ ᠠᠷᠠᠯᠵᠢᠶᠠᠨ ᠤ ᠭᠡᠷ᠎ᠡ ᠳᠦ ᠲᠡᠮᠳᠡᠭᠯᠡᠭᠳᠡᠭᠰᠡᠨ ᠨᠢ 18 ᠳᠦᠷᠰᠦ᠂ ᠮᠦᠬᠦᠭᠳᠡᠮᠡᠷ ᠪᠠᠢᠭ᠎ᠠ ᠬᠡᠭᠡᠷ᠎ᠡ ᠶᠢᠨ ᠠᠮᠢᠲᠠᠨ ᠤᠷᠭᠤᠮᠠᠯ ᠤᠨ ᠳᠡᠯᠡᠬᠡᠢ ᠶᠢᠨ ᠠᠷᠠᠯᠵᠢᠶᠠᠨ ᠤ ᠭᠡᠷ᠎ᠡ ᠳᠦ ᠲᠡᠮᠳᠡᠭᠯᠡᠭᠳᠡᠭᠰᠡᠨ ᠨᠢ 38 ᠳᠦᠷᠰᠦ᠂ ᠣᠯᠠᠨ ᠤᠯᠤᠰ ᠤᠨ ᠪᠠᠢᠭᠠᠯᠢ ᠶᠢᠨ ᠬᠠᠮᠠᠭᠠᠯᠠᠯᠲᠠ ᠶᠢᠨ ᠬᠤᠯᠪᠤᠭᠠᠨ ᠤ ᠰᠦᠷᠳᠡᠭᠦᠯᠦᠯ ᠳᠦ ᠲᠤᠯᠭᠠᠷᠠᠵᠤ ᠪᠠᠢᠭ᠎ᠠ ᠨᠢ 5 ᠳᠦᠷᠰᠦ ᠪᠠᠢᠳᠠᠭ᠃ ᠡᠳᠡᠭᠡᠷ ᠬᠤᠪᠤᠷ ᠴᠤᠬᠠᠭ ᠠᠮᠢᠲᠠᠨ ᠨᠡᠢᠲᠡ 48 ᠳᠦᠷᠰᠦ ᠪᠠᠢᠵᠤ᠂ ᠪᠦᠬᠦ ᠠᠮᠢᠲᠠᠨ ᠤ 18.82% ᠢ ᠡᠵᠡᠯᠡᠨ᠎ᠡ᠃ ᠦᠭᠦᠯᠡᠯ ᠳᠦ ᠪᠠᠰᠠ ᠬᠠᠮᠠᠭᠠᠯᠠᠯᠲᠠ ᠶᠢᠨ ᠣᠷᠤᠨ ᠤ ᠬᠡᠭᠡᠷ᠎ᠡ ᠶᠢᠨ ᠠᠮᠢᠲᠠᠳ ᠤᠨ ᠣᠯᠠᠨ ᠵᠦᠢᠯᠲᠦ ᠴᠢᠨᠠᠷ ᠪᠠ ᠬᠤᠪᠤᠷ ᠴᠤᠬᠠᠭ ᠠᠮᠢᠲᠠᠨ ᠤ ᠡᠬᠢ ᠰᠤᠷᠪᠤᠯᠵᠢ ᠶᠢ ᠬᠡᠷᠬᠢᠨ ᠬᠠᠮᠠᠭᠠᠯᠠᠬᠤ ᠲᠤᠬᠠᠢ ᠰᠠᠨᠠᠯ ᠵᠦᠪᠯᠡᠯᠭᠡ ᠪᠡᠨ ᠳᠤᠷᠠᠳᠤᠭᠰᠠᠨ ᠪᠠᠢᠨ᠎ᠠ᠃ |
Original Literature |
No Original Paper
|
出自 |
内蒙古师范大学学报(自然科学蒙古文版)
2014年
第4期
|