Paper Information


Title 《ᠠᠯᠤᠰ ᠰᠡᠷᠡᠯ ᠦᠨ ᠭᠡᠷᠡᠯ ᠵᠢᠷᠤᠭ ᠤᠨ ᠰᠢᠢᠳᠪᠦᠷᠢᠯᠡᠯᠡᠲᠡ》 ᠭᠡᠬᠦ ᠲᠤᠷᠰᠢᠯᠲᠠ ᠶᠢᠨ ᠬᠢᠴᠢᠶᠡᠯ ᠦᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠬᠢᠭᠡᠳ ᠦᠢᠯᠡᠳᠦᠯᠭᠡ
Creator ᠴᠢᠨ ᠹᠦ᠋ ᠶᠢᠩ; ᠠᠯᠲᠠᠨᠲᠤᠶᠠᠭ᠎ᠠ
Keyword ᠠᠯᠤᠰ ᠰᠡᠷᠡᠯ ᠦᠨ ᠭᠡᠷᠡᠯ ᠵᠢᠷᠤᠭ ᠤᠨ ᠰᠢᠢᠳᠪᠦᠷᠢᠯᠡᠯᠲᠡ; ᠲᠤᠷᠰᠢᠯᠲᠠ ᠶᠢᠨ ᠬᠢᠴᠢᠶᠡᠯ; ᠵᠢᠭᠠᠨ ᠰᠤᠷᠭᠠᠯᠲᠠ ᠶᠢᠨ ᠦᠭᠡᠷᠡᠴᠢᠯᠡᠯᠲᠡ; ᠵᠢᠭᠠᠨ ᠰᠤᠷᠭᠠᠯᠲᠠ ᠶᠢᠨ ᠦᠢᠯᠡᠳᠦᠯᠭᠡ
Abstract 《ᠠᠯᠤᠰ ᠰᠡᠷᠡᠯ ᠦᠨ ᠭᠡᠷᠡᠯ ᠵᠢᠷᠤᠭ ᠤᠨ ᠰᠢᠢᠳᠪᠦᠷᠢᠯᠡᠯᠲᠡ》 ᠭᠡᠬᠦ ᠬᠢᠴᠢᠶᠡᠯ ᠨᠢ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠰᠬᠠᠢ ᠮᠡᠷᠭᠡᠵᠢᠯ ᠦᠨ ᠴᠦᠮ᠎ᠡ ᠬᠢᠴᠢᠶᠡᠯ ᠪᠤᠯᠵᠤ᠂ ᠲᠤᠷᠰᠢᠯᠲᠠ ᠶᠢᠨ ᠬᠢᠴᠢᠶᠡᠯ ᠦᠨ ᠵᠢᠭᠠᠨ ᠰᠤᠷᠭᠠᠯᠲᠠ ᠨᠢ ᠲᠤᠰ ᠬᠢᠴᠢᠶᠡᠯ ᠦᠨ ᠵᠠᠩᠭᠢᠯᠠᠭ᠎ᠠ ᠮᠦᠨ᠃ 《ᠠᠯᠤᠰ ᠰᠡᠷᠡᠯ ᠦᠨ ᠭᠡᠷᠡᠯ ᠵᠢᠷᠤᠭ ᠤᠨ ᠰᠢᠢᠳᠪᠦᠷᠢᠯᠡᠯᠲᠡ》 ᠶᠢᠨ ᠲᠤᠷᠰᠢᠯᠲᠠ ᠶᠢᠨ ᠬᠢᠴᠢᠶᠡᠯ ᠦᠨ ᠰᠢᠰᠲ᠋ᠧᠮ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠦᠭᠰᠡᠨ ᠦ ᠰᠠᠭᠤᠷᠢᠨ ᠳᠡᠭᠡᠷ᠎ᠡ᠂ 《ᠠᠯᠤᠰ ᠰᠡᠷᠡᠯ ᠦᠨ ᠭᠡᠷᠡᠯ ᠵᠢᠷᠤᠭ ᠤᠨ ᠰᠢᠢᠳᠪᠦᠷᠢᠯᠡᠯᠲᠡ》 ᠶᠢᠨ ᠲᠤᠷᠰᠢᠯᠲᠠ ᠶᠢᠨ ᠬᠢᠴᠢᠶᠡᠯ ᠦᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠪᠠ ᠣᠨᠴᠠᠯᠢᠭ ᠲᠤ ᠴᠢᠭᠯᠡᠭᠦᠯᠵᠦ᠂ ᠵᠢᠭᠠᠨ ᠰᠤᠷᠭᠠᠯᠲᠠ ᠶᠢᠨ ᠠᠷᠭ᠎ᠠ ᠠᠪᠴᠠᠯ ᠪᠠ ᠬᠡᠯᠪᠡᠷᠢ ᠮᠠᠶᠢᠭ ᠤᠨ ᠲᠠᠯ᠎ᠠ ᠪᠠᠷ ᠨᠢᠭᠡᠨ ᠰᠢᠷᠢᠰ ᠦᠭᠡᠷᠡᠴᠢᠯᠡᠯᠲᠡ ᠬᠢᠵᠡᠢ᠃ ᠬᠠᠮᠲᠤ ᠳᠤᠨᠢ ᠪᠤᠳᠠᠲᠠᠢ ᠵᠢᠱᠢᠶ᠎ᠡ ᠦᠵᠡᠭᠦᠯᠬᠦ ᠠᠷᠭ᠎ᠠ ᠪᠠᠷ ᠲᠤᠰ ᠬᠢᠴᠢᠶᠡᠯ ᠦᠨ ᠰᠢᠯᠭᠠᠨ ᠪᠠᠲᠤᠯᠠᠬᠤ ᠰᠢᠨᠵᠢ ᠵᠢᠴᠢ ᠶᠡᠷᠦᠩᠬᠡᠶᠢᠯᠡᠭᠰᠡᠨ ᠰᠢᠨᠵᠢ ᠲᠡᠢ ᠲᠤᠷᠰᠢᠯᠲᠠ ᠶᠢ ᠦᠢᠯᠡᠳᠦᠯᠭᠡᠵᠢᠭᠦᠯᠦᠨ᠎ᠡ᠃ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠡᠴᠡ ᠦᠵᠡᠪᠡᠯ᠂ ᠡᠳᠡᠭᠡᠷ ᠦᠭᠡᠷᠡᠴᠢᠯᠡᠯᠲᠡ ᠪᠤᠯᠤᠨ ᠦᠢᠯᠡᠳᠦᠯᠭᠡ ᠨᠢ ᠰᠤᠷᠤᠭᠴᠢᠳ ᠤᠨ ᠰᠤᠷᠤᠯᠴᠠᠬᠤ ᠤᠷᠮ᠎ᠠ ᠶᠢ ᠨᠢ ᠬᠦᠭᠵᠢᠭᠡᠵᠦ᠂ ᠣᠨᠣᠯ ᠤᠨ ᠮᠡᠳᠡᠯᠭᠡ ᠶᠢᠨ ᠣᠢᠯᠠᠭᠠᠯᠲᠠ ᠶᠢ ᠨᠢ ᠭᠦᠨᠵᠡᠭᠡᠶᠢᠷᠡᠭᠦᠯᠬᠦ ᠶᠢᠨ ᠬᠠᠮᠲᠤ ᠪᠤᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠳᠡ᠌ᠭ᠌᠃ ᠡᠨᠡ ᠨᠢ ᠲᠤᠰ ᠲᠤᠷᠰᠢᠯᠲᠠ ᠶᠢᠨ ᠬᠢᠴᠢᠶᠡᠯ ᠦᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠪᠤᠯᠤᠨ ᠦᠢᠯᠡᠳᠦᠯᠭᠡ ᠳᠦ ᠵᠤᠬᠢᠬᠤ ᠬᠡᠮᠵᠢᠶᠡᠨ ᠦ ᠯᠠᠪᠯᠠᠯᠲᠠ ᠶᠢᠨ ᠦᠷᠲᠡᠭ ᠲᠡᠢ ᠪᠠᠢᠳᠠᠭ᠃
Original Literature No Original Paper
出自 内蒙古师范大学学报(自然科学蒙古文版) 2015年 第3期

联系我们


内蒙古大学图书馆
呼和浩特市大学西路235号
中国·内蒙古
P: (0471) 4992561
E: huangfeilong@imu.edu.cn