Paper Information


Title ᠮᠣᠩᠭᠤᠯ ᠦᠨᠳᠦᠰᠦᠲᠡᠨ ᠦ ᠰᠤᠶᠤᠯ ᠶᠠᠮᠠᠷ ᠰᠢᠭ ᠮᠠᠶᠢᠭ ᠢᠶᠠᠷ ᠬᠦᠭᠵᠢᠬᠦ ᠪᠤᠢ ?
Creator ᠱᠤᠸᠠᠩ ᠱᠠᠨ; ᠠᠰᠬᠠᠨ
Keyword
Abstract ᠨᠡᠢᠭᠡᠮ ᠵᠢᠷᠦᠮᠲᠦ ᠴᠠᠭ ᠦᠶ᠎ᠡ ᠪᠤᠯ ᠦᠨᠳᠦᠰᠦᠲᠡᠨ ᠦ ᠰᠤᠶᠤᠯ ᠴᠡᠴᠡᠭᠯᠡᠨ ᠬᠦᠭᠵᠢᠬᠦ ᠱᠠᠲᠤ ᠦᠶ᠎ᠡ ᠪᠤᠯᠤᠨ᠎ᠠ᠃ ᠮᠣᠩᠭᠤᠯ ᠦᠨᠳᠦᠰᠦᠲᠡᠨ ᠦ ᠰᠤᠶᠤᠯ ᠨᠢ ᠢᠷᠡᠭᠡᠳᠦᠢ ᠶᠢᠨ ᠳᠤᠮᠳᠠᠳᠤ ᠶᠢᠨ ᠰᠢᠨ᠎ᠡ ᠰᠤᠶᠤᠯ ᠤᠨ ᠴᠤᠭᠴᠠᠯᠠᠯᠲᠠ ᠳᠤ ᠨᠡᠩ ᠶᠡᠬᠡ ᠬᠤᠪᠢ ᠨᠡᠮᠡᠭᠦᠷᠢ ᠣᠷᠤᠭ᠋ᠤᠯᠤᠶ᠎ᠠ ᠭᠡᠪᠡᠯ ᠡᠷᠬᠡᠪᠰᠢ ᠦᠷᠭᠦᠯᠵᠢᠯᠡᠨ ᠬᠤᠪᠢ ᠶᠢᠨ ᠣᠨᠴᠠᠯᠢᠭ ᠲᠠᠢ ᠬᠦᠭᠵᠢᠬᠦ ᠬᠡᠷᠡᠭᠲᠡᠢ᠃ ᠲᠤᠰ ᠦᠭᠦᠯᠡᠯ ᠳᠦ ᠡᠨ᠋ᠡᠬᠦ ᠭᠤᠤᠯ ᠦᠵᠡᠯ ᠰᠠᠨ᠋ᠠᠭ᠎ᠠ ᠪᠠᠨ ᠮᠣᠩᠭᠤᠯ ᠰᠤᠶᠤᠯ ᠤᠨ ᠣᠳᠣᠬᠢ ᠪᠠᠢᠳᠠᠯ ᠲᠠᠢ ᠤᠶᠠᠯᠳᠤᠭ᠋ᠤᠯᠤᠨ ᠭᠤᠷᠪᠠᠨ ᠲᠠᠯ᠎ᠠ ᠪᠠᠷ ᠲᠤᠳᠤᠷᠬᠠᠢᠯᠠᠨ ᠶᠠᠷᠢᠵᠠᠢ᠃ ᠨᠢᠭᠡ ᠳᠦ᠂ ᠦᠭᠡ ᠬᠡᠯᠡ ᠪᠤᠯ ᠦᠨᠳᠦᠰᠦᠲᠡᠨ ᠦ ᠰᠤᠶᠤᠯ ᠤᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠃ ᠦᠨᠳᠦᠰᠦᠲᠡᠨ ᠦ ᠪᠡᠨ ᠣᠷᠤᠰᠢᠯ ᠲᠤᠭᠲᠠᠨ᠋ᠢᠯ ᠪᠠ ᠰᠡᠷᠭᠦᠯᠲᠡ ᠮᠡᠳᠦᠯᠲᠡ ᠶᠢ ᠪᠠᠲᠤᠯᠠᠶ᠎ᠠ ᠭᠡᠪᠡᠯ ᠮᠣᠩᠭᠤᠯᠴᠤᠳ ᠡᠬᠡ ᠬᠡᠯᠡ ᠪᠡᠨ ᠶᠠᠭ᠋ᠠᠬᠢᠭᠰᠠᠨ ᠴᠤ ᠬᠠᠶᠠᠵᠤ ᠪᠤᠯᠬᠤ ᠦᠭᠡᠢ᠃ ᠬᠤᠶᠠᠷ ᠲᠤ᠂ ᠣᠳᠣᠬᠢᠴᠢᠯᠠᠯᠲᠠ ᠨᠢ ᠬᠣᠲᠠᠴᠢᠯᠠᠬᠤ ᠠᠬᠢᠴᠠ ᠶᠢ ᠲᠦᠷᠭᠡᠳᠭᠡᠳᠡᠭ᠃ ᠭᠡᠪᠡᠴᠦ ᠮᠣᠩᠭᠤᠯ ᠬᠣᠲᠠ ᠶᠢᠨ ᠰᠤᠶᠤᠯ ᠤᠨ ᠬᠦᠭᠵᠢᠯᠲᠡ ᠲᠤᠩ ᠤᠳᠠᠭ᠋ᠠᠨ ᠪᠠᠢᠨ᠎ᠠ᠃ ᠦᠨ᠋ᠦᠳᠦᠷ ᠮᠣᠩᠭᠤᠯᠴᠤᠳ ᠬᠤᠲᠠ ᠶᠢᠨ ᠰᠤᠶᠤᠯ ᠢᠶᠠᠨ ᠴᠤᠭᠴᠠᠯᠠᠬᠤ ᠦᠭᠡᠢ ᠪᠤᠯ ᠮᠣᠩᠭᠤᠯ ᠰᠤᠶᠤᠯ ᠨᠢ ᠬᠤᠵᠢᠮ ᠢᠷᠡᠭᠡᠳᠦᠢ ᠳᠦ ᠴᠤᠬᠤᠮ ᠬᠦ 《ᠲᠠᠯ᠎ᠠ ᠨᠤᠲᠤᠭ ᠤᠨ ᠰᠤᠶᠤᠯ》 ᠪᠤᠯᠵᠤ ᠳᠡᠯᠡᠬᠡᠢ ᠶᠢᠨ ᠰᠢᠨ᠎ᠡ ᠪᠤᠯᠪᠠᠰᠤᠨ ᠠᠴᠠ ᠨᠢᠭᠡᠮᠦᠰᠦᠨ ᠬᠤᠴᠤᠷᠤᠭᠳᠠᠵᠤ ᠭᠡᠭᠡᠭᠳᠡᠬᠦ ᠪᠤᠯᠤᠨ᠎ᠠ᠃ ᠭᠤᠷᠪᠠ ᠳᠤ᠂ ᠪᠤᠲᠠᠭ᠋ᠠᠯᠢ ᠴᠢᠨ᠋ᠠᠷ ᠪᠤᠯ ᠰᠤᠶᠤᠯ ᠤᠨ ᠣᠷᠤᠰᠢᠬᠤᠢ ᠦᠷᠲᠡᠭ ᠪᠤᠯᠤᠨ᠎ᠠ᠃ ᠮᠣᠩᠭᠤᠯᠴᠤᠳ ᠶᠠᠭ᠋ᠤ ᠪᠦᠬᠦᠨ ᠢ ᠪᠤᠰᠤᠳ ᠠᠴᠠ ᠰᠤᠷᠴᠤ᠂ ᠬᠦᠮᠦᠨ ᠢ ᠰᠤᠬᠤᠷ ᠪᠠᠯᠠᠢ ᠪᠠᠷ ᠮᠦᠷᠳᠡᠪᠡᠯ ᠬᠡᠵᠢᠶᠡᠳᠡ ᠦᠭᠡᠳᠡᠯᠡᠵᠦ ᠳᠡᠢᠯᠬᠦ ᠦᠭᠡᠢ ᠶᠤᠮ᠃
Original Literature No Original Paper
出自 内蒙古民族大学学报(社会科学) 1995年 第3期

联系我们


内蒙古大学图书馆
呼和浩特市大学西路235号
中国·内蒙古
P: (0471) 4992561
E: huangfeilong@imu.edu.cn