Paper Information


Title ᠠᠮᠢ ᠠᠬᠤᠢ ᠶᠢᠨ ᠨᠡᠭᠦᠳᠡᠯ ᠠᠷᠠᠳ ᠤᠨ ᠣᠳᠣᠬᠢ ᠠᠮᠢᠳᠤᠷᠠᠯ ᠳᠤ ᠣᠷᠤᠰᠢᠵᠤ ᠪᠦᠬᠦᠢ ᠠᠰᠠᠭᠤᠳᠠᠯ ᠤᠳ — ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠰᠦᠨ ᠪᠤᠯᠠᠭ ᠲᠤᠰᠬᠤᠨ ᠪᠠ ᠰᠢᠨ᠎ᠡ ᠰᠠᠭᠠᠯᠢ ᠶᠢᠨ ᠦᠨᠢᠶᠡᠨ ᠲᠤᠰᠬᠤᠨ ᠢᠶᠠᠷ ᠵᠢᠱᠢᠶᠡᠯᠡᠬᠦ ᠨᠢ
Creator ᠪᠠᠢ ᠰᠢᠦ ᠯᠠᠨ
Keyword ᠠᠮᠢ ᠠᠬᠤᠢ ᠶᠢᠨ ᠨᠡᠭᠦᠳᠡᠯ ᠠᠷᠠᠳ; ᠬᠦᠳᠡᠯᠦᠩᠭᠦᠢ ᠬᠦᠮᠦᠨ ᠠᠮᠠ; ᠠᠮᠢᠳᠤᠷᠠᠯ ᠤᠨ ᠪᠠᠢᠳᠠᠯ
Abstract ᠵᠡᠭᠦᠨ ᠦᠵᠦᠮᠦᠴᠢᠨ ᠬᠤᠰᠢᠭᠤ ᠪᠤᠯ ᠦᠪᠦᠷ ᠮᠣᠩᠭᠤᠯ ᠣᠷᠤᠨ ᠳᠤ ᠣᠳᠣ ᠪᠤᠯᠲᠠᠯ᠎ᠠ ᠨᠡᠭᠦᠳᠡᠯ ᠠᠮᠢᠳᠤᠷᠠᠯ ᠢᠶᠠᠨ ᠬᠠᠳᠠᠭᠠᠯᠠᠵᠤ ᠪᠠᠢᠭ᠎ᠠ ᠣᠷᠤᠨ ᠨᠤᠲᠤᠭ ᠮᠦᠨ᠃ ᠭᠡᠲᠡᠯ᠎ᠡ ᠣᠷᠴᠢᠮ ᠤᠨ ᠵᠢᠯ ᠦᠳ ᠲᠦ ᠠᠮᠢ ᠠᠬᠤᠢ ᠶᠢᠨ ᠡᠪᠳᠡᠭᠳᠡᠯ ᠡᠴᠡ ᠪᠤᠯᠵᠤ᠂ ᠲᠤᠰ ᠣᠷᠤᠨ ᠳᠤ ᠠᠮᠢ ᠠᠬᠤᠢ ᠶᠢᠨ ᠨᠡᠭᠦᠳᠡᠯ ᠠᠷᠠᠳ ᠤᠨ ᠢᠨᠵᠧᠨᠧᠷᠢᠩ ᠢ ᠡᠬᠢᠯᠡᠨ ᠬᠡᠷᠡᠭᠵᠢᠭᠦᠯᠦᠭᠰᠡᠨ ᠪᠠᠢᠨ᠎ᠠ᠃ ᠲᠤᠰ ᠦᠭᠦᠯᠡᠯ ᠳᠦ ᠤᠯᠢᠶᠠᠰᠤᠲᠠᠢ ᠪᠠᠯᠭᠠᠰᠤᠨ ᠤ ᠰᠦᠨ ᠪᠤᠯᠠᠭ ᠲᠤᠰᠬᠤᠨ ᠪᠠ ᠰᠢᠨ᠎ᠡ ᠰᠠᠭᠠᠯᠢ ᠶᠢᠨ ᠦᠨᠢᠶᠡᠨ ᠦ ᠲᠤᠰᠬᠤᠨ ᠢᠶᠠᠷ ᠵᠢᠱᠢᠶᠡᠯᠡᠵᠦ᠂ ᠬᠤᠶᠠᠷ ᠲᠤᠰᠬᠤᠨ ᠤ ᠨᠡᠭᠦᠳᠡᠯ ᠠᠷᠠᠳ ᠤᠨ ᠣᠳᠣᠬᠢ ᠠᠮᠢᠳᠤᠷᠠᠯ ᠤᠨ ᠳᠤᠮᠳᠠ ᠣᠷᠤᠰᠢᠵᠤ ᠪᠠᠢᠭ᠎ᠠ ᠠᠰᠠᠭᠤᠳᠠᠯ ᠤᠨ ᠲᠤᠬᠠᠢ ᠰᠢᠨᠵᠢᠯᠡᠯ ᠬᠢᠭᠰᠡᠨ ᠪᠠᠢᠨ᠎ᠠ᠃ ᠡᠭᠦᠨ ᠳᠦ ᠤᠳᠤᠷᠢᠳᠬᠠᠯ ᠤᠨ ᠬᠡᠰᠡᠭ ᠲᠦ ᠰᠡᠳᠦᠪ ᠰᠤᠩᠭᠤᠭᠰᠠᠨ ᠤᠴᠢᠷ ᠰᠢᠯᠲᠠᠭᠠᠨ᠂ ᠰᠤᠳᠤᠯᠭᠠᠨ ᠤ ᠦᠨ᠎ᠡ ᠦᠷᠲᠡᠭ᠂ ᠰᠤᠳᠤᠯᠭᠠᠨ ᠤ ᠠᠷᠭ᠎ᠠ ᠮᠠᠶᠢᠭ ᠵᠡᠷᠭᠡ ᠶᠢ ᠲᠠᠨᠢᠯᠴᠠᠭᠤᠯᠵᠤ᠂ ᠦᠭᠦᠯᠡᠯ ᠦᠨ ᠭᠤᠤᠯ ᠬᠡᠰᠡᠭ ᠲᠦ ᠲᠤᠰ ᠬᠤᠶᠠᠷ ᠲᠤᠰᠬᠤᠨ ᠤ ᠨᠡᠭᠦᠳᠡᠯ ᠠᠷᠠᠳ ᠤᠨ ᠠᠮᠢᠳᠤᠷᠠᠯ ᠤᠨ ᠠᠷᠭ᠎ᠠ ᠮᠠᠶᠢᠭ ᠤᠨ ᠵᠤᠬᠢᠴᠠᠬᠤ ᠡᠰᠡᠭᠦ᠂ ᠣᠷᠤᠨ ᠰᠠᠭᠤᠴᠠ᠂ ᠠᠵᠢᠯ ᠲᠦᠷᠦᠯ᠂ ᠨᠡᠢᠭᠡᠮ ᠦᠨ ᠬᠠᠷᠢᠯᠴᠠᠭ᠎ᠠ ᠪᠠ ᠵᠠᠰᠠᠭ ᠤᠨ ᠣᠷᠳᠤᠨ ᠤ ᠠᠵᠤ ᠠᠬᠤᠢ ᠶᠢᠨ ᠨᠦᠬᠦᠪᠦᠷᠢ ᠵᠡᠷᠭᠡ ᠲᠠᠯ᠎ᠠ ᠠᠴᠠ ᠵᠠᠳᠠᠯᠤᠨ ᠰᠢᠨᠵᠢᠯᠡᠪᠡ᠃
Original Literature No Original Paper
出自 内蒙古师范大学学报(自然科学蒙古文版) 2012年 第3期

联系我们


内蒙古大学图书馆
呼和浩特市大学西路235号
中国·内蒙古
P: (0471) 4992561
E: huangfeilong@imu.edu.cn