Abstract |
ᠪᠠᠷᠤᠭ ᠲᠦᠯᠦᠪ 17᠋ ᠳᠤᠭᠠᠷ ᠵᠠᠭᠤᠨ ᠠᠴᠠ ᠪᠠᠭᠠᠷᠢᠨᠴᠤᠳ ᠤᠨ ᠤᠷᠤᠨ ᠰᠠᠭᠤᠴᠠ ᠳᠤ ᠠᠯᠭᠤᠷ ᠠᠭᠠᠵᠢᠮ ᠢᠶᠠᠷ ᠬᠤᠪᠢᠷᠠᠯᠲᠠ ᠭᠠᠷᠴᠤ᠂ ᠰᠠᠭᠤᠷᠢᠰᠢᠨ ᠮᠠᠯᠵᠢᠬᠤ ᠪᠠ ᠪᠠᠭ᠎ᠠ ᠬᠡᠮᠵᠢᠶ᠎ᠡ ᠪᠡᠷ ᠣᠲᠤᠷᠯᠠᠨ ᠮᠠᠯᠵᠢᠬᠤ ᠶᠢ ᠤᠶᠠᠯᠳᠤᠭᠤᠯᠤᠭᠰᠠᠨ ᠤᠷᠤᠨ ᠨᠤᠲᠤᠭ ᠤᠨ ᠦᠪᠡᠷᠮᠢᠴᠡ ᠤᠨᠴᠠᠯᠢᠭ ᠪᠦᠬᠦᠢ ᠤᠷᠤᠨ ᠰᠠᠭᠤᠴᠠ ᠶᠢ ᠪᠠᠶᠢᠭᠤᠯᠳᠠᠭ ᠪᠤᠯᠵᠠᠢ᠃ ᠲᠤᠰ ᠦᠭᠦᠯᠡᠯ ᠳᠦ ᠪᠠᠭᠠᠷᠢᠨᠴᠤᠳ ᠤᠨ ᠤᠷᠤᠨ ᠰᠠᠭᠤᠴᠠ ᠶᠢ ᠭᠡᠷ ᠪᠤᠯᠤᠨ ᠬᠤᠷᠤᠭ᠎ᠠ ᠬᠠᠰᠢᠶ᠎ᠠ ᠬᠡᠮᠡᠬᠦ ᠬᠤᠶᠠᠷ ᠪᠦᠯᠦᠭ ᠲᠦ ᠬᠤᠪᠢᠶᠠᠷᠢᠯᠠᠵᠤ᠂ ᠮᠣᠩᠭᠣᠯ ᠭᠡᠷ᠂ ᠪᠠᠶᠢᠰᠢᠩ ᠭᠡᠷ᠂ ᠪᠦᠮᠪᠦᠬᠡᠨ ᠭᠡᠷ᠂ ᠰᠠᠩᠰᠠᠨ ᠭᠡᠷ ᠵᠢᠴᠢ ᠭᠡᠷ ᠦᠨ ᠬᠤᠷᠤᠭ᠎ᠠ᠂ ᠮᠠᠯ ᠤᠨ ᠬᠤᠷᠤᠭ᠎ᠠ᠂ ᠡᠪᠡᠰᠦᠨ ᠬᠤᠷᠤᠭ᠎ᠠ᠂ ᠵᠤᠤᠬᠠᠨ ᠬᠤᠷᠤᠭ᠎ᠠ᠂ ᠢᠩ ᠦᠨ ᠬᠤᠷᠤᠭ᠎ᠠ ᠭᠡᠬᠦ ᠮᠡᠲᠦᠴᠢᠯᠡᠨ ᠲᠤᠰ ᠲᠤᠰ ᠪᠤᠳᠠᠲᠠᠢ ᠲᠠᠨᠢᠯᠴᠠᠭᠤᠯᠪᠠᠢ᠃ |