Paper Information


Title ᠥᠪᠥᠷ ᠮᠣᠩᠭᠣᠯ ᠤᠷᠤᠨ ᠦ ᠵᠠᠰᠠᠭ ᠵᠠᠬᠢᠷᠭᠠᠨ ᠦ ᠤᠷᠤᠨ ᠬᠤᠪᠢᠶᠠᠷᠢᠯᠠᠯ ᠤᠨ ᠰᠢᠯᠵᠢᠯᠳᠡ ᠬᠤᠪᠢᠷᠠᠯ ᠢ ᠰᠢᠨᠵᠢᠯᠡᠬᠦ ᠨᠢ᠄ ᠲᠠᠢ᠌ᠴᠢᠩ ᠬᠦᠷᠦᠨ ᠪᠠᠢ᠌ᠭᠤᠯᠤᠭᠳᠠᠭᠰᠠᠨ ᠡᠴᠡ ᠨᠠᠰᠢᠬᠢ ᠥᠪᠥᠷ ᠮᠣᠩᠭᠣᠯᠤ ᠨ ᠦᠪᠡᠷᠳᠡᠭᠡᠨ ᠵᠠᠰᠠᠬᠤ ᠤᠷᠤᠨ ᠪᠠᠢ᠌ᠭᠤᠯᠤᠭᠳᠠᠳᠠᠯ ᠠ
Creator ᠮᠥᠩᠬᠡᠪᠤᠶᠠᠨ
Keyword ᠥᠪᠥᠷ ᠮᠣᠩᠭᠣᠯ ᠤᠷᠤᠨ;ᠵᠠᠰᠠᠭ ᠵᠠᠬᠢᠷᠭᠠᠨ ᠦ ᠤᠷᠤᠨ ᠬᠤᠪᠢᠶᠠᠷᠢᠯᠠᠯ; ᠰᠢᠯᠵᠢᠯᠳᠡ ᠬᠤᠪᠢᠷᠠᠯ 
Abstract ᠲᠠᠢ᠌ᠴᠢᠩ ᠬᠦᠷᠦᠨ ᠡᠴᠡ ᠥᠪᠥᠷ ᠮᠣᠩᠭᠣᠯ  ᠳᠤ 《ᠰᠠᠯᠭᠠᠨ ᠵᠠᠰᠠᠬᠤ》ᠤᠨᠴᠠᠭᠠᠢ ᠭᠠᠵᠠᠷ ᠤᠷᠤᠨ ᠦ ᠵᠠᠰᠠᠭ ᠵᠠᠬᠢᠷᠭᠠᠨ ᠦ ᠤᠷᠤᠨ ᠦ ᠬᠤᠪᠢᠶᠠᠷᠢᠯᠠᠯ ᠤᠨ ᠪᠠᠢᠭᠤᠯᠤᠯ ᠪᠠ ᠲᠦᠷᠦ ᠶᠢᠨ ᠪᠤᠳᠤᠯᠭ᠎ᠠ ᠲᠤᠭᠳᠠᠭᠠᠨ ᠬᠡᠷᠡᠭᠵᠢᠭᠦᠯᠵᠤ᠂ ᠥᠪᠥᠷ ᠮᠣᠩᠭᠣᠯ ᠤᠨ ᠹᠸᠦᠳᠠᠯ ᠤᠨ ᠬᠡᠰᠡᠭᠯᠡᠯ ᠲᠤᠰᠠᠭᠠᠷᠯᠠᠯ ᠢ ᠪᠤᠳᠤᠳᠬᠠᠵᠠᠢ᠃1914ᠤᠨ  ᠳᠤ ᠳᠤᠮᠳᠠᠳᠤ ᠤᠯᠤᠰ ᠤᠨ ᠤᠮᠠᠷᠠᠳᠤ ᠶᠢᠨ ᠴᠡᠷᠢᠭ ᠤᠨ ᠡᠷᠬᠡᠳᠡᠨ ᠦ ᠵᠠᠰᠠᠭ ᠤᠨ ᠤᠷᠳᠤᠨ ᠡᠴᠡ ᠯᠾᠸ ᠡᠾᠸ ᠴᠠᠬᠠᠷ ᠰᠤᠢᠶᠤᠸᠠᠨ ᠭᠤᠷᠪᠠᠨ ᠤᠨᠴᠠᠭᠠᠢ ᠤᠷᠤᠨ ᠪᠠᠢ᠌ᠭᠤᠯᠵᠤ᠃ 1928ᠤᠨ ᠳᠤ ᠭᠤᠮᠢᠨᠳᠠᠭ᠌ ᠤᠨ ᠵᠠᠰᠠᠭ ᠤᠨ ᠤᠷᠳᠤᠨ ᠡᠴᠡ ᠲᠷᠭᠦᠨ ᠢ ᠴᠦᠮ ᠮᠤᠵᠢ ᠪᠤᠯᠭᠠᠭᠰᠠᠨ  ᠦ ᠲᠠᠷᠠᠭ᠎ᠠ ᠥᠪᠥᠷ ᠮᠣᠩᠭᠣᠯ ᠬᠡᠳᠡᠭ ᠨᠡᠷ ᠡ ᠪᠠᠯᠠᠷᠠᠵᠤ ᠡᠬᠢᠯᠡᠵᠡᠢ᠃ 1947ᠤᠨ ᠳᠤ ᠥᠪᠥᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠪᠠᠢᠭᠤᠯᠤᠭᠳᠠᠭᠰᠠᠨ ᠨᠢ ᠨᠤᠶᠠᠷᠬᠠᠭᠴᠢ ᠠᠩᠬᠢ ᠡᠴᠡ ᠥᠪᠥᠷ ᠮᠣᠩᠭᠣᠯ ᠳᠤ ᠶᠠᠪᠤᠭᠤᠯᠤᠭᠰᠠᠨ ᠵᠦᠬᠡᠯᠡᠷᠡᠭᠦᠯᠬᠢ ᠪᠠ ᠬᠤᠪᠢᠶᠠᠨ ᠰᠠᠯᠭᠠᠬᠤ ᠲᠦᠷᠦ ᠶᠢᠨ ᠪᠤᠳᠤᠯᠭ᠎ᠠ ᠶᠢ ᠲᠦᠯᠬᠢᠨ ᠤᠨᠠᠭᠠᠵᠤ᠂ ᠨᠢᠭᠡᠳᠦᠭᠰᠡᠨ ᠥᠪᠥᠷ ᠮᠣᠩᠭᠣᠯ ᠤᠨ ᠥᠪᠡᠷᠳᠡᠭᠡᠨ ᠵᠠᠰᠠᠬᠤ ᠤᠷᠤᠨ ᠢ ᠪᠠᠢ᠌ᠭᠤᠯᠤᠭᠳᠠᠬᠤ ᠶᠢᠨ ᠠᠩᠬᠠᠨ ᠦ ᠰᠠᠭᠤᠷᠢ ᠶᠢ ᠲᠠᠯᠪᠢᠵᠠᠢ᠃
Original Literature View Original Paper
出自 中国蒙古学 2009年 第5期

联系我们


内蒙古大学图书馆
呼和浩特市大学西路235号
中国·内蒙古
P: (0471) 4992561
E: huangfeilong@imu.edu.cn