Paper Information


Title ᠮᠠᠯᠴᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠣᠳᠣ ᠶᠢᠨ ᠪᠠᠢ᠌ᠳᠠᠯ ᠪᠠ ᠲᠤᠯᠭᠠᠷᠠᠵᠤ ᠪᠠᠢ᠌ᠬᠤ ᠪᠡᠷᠬᠡᠰᠢᠶᠡᠯ ᠦᠨ ᠲᠤᠬᠠᠢ ᠵᠠᠳᠠᠯᠤᠯᠲᠠ
Creator ᠬᠤᠷᠴᠠᠪᠢᠯᠢᠭ᠌
Keyword ᠮᠠᠯᠴᠢᠨ ᠡᠦᠬᠡ; ᠮᠠᠯᠵᠢᠬᠤ ᠦᠢᠯᠡᠳᠪᠦᠷᠢᠯᠡᠯ ᠦᠨ ᠪᠦᠲᠦᠴᠡ; ᠨᠤᠲᠤᠭ ᠪᠡᠯᠴᠢᠭᠡᠷ; ᠣᠷᠤᠯᠭᠠ; ᠵᠠᠷᠤᠯᠭ᠎ᠠ
Abstract ᠨᠡᠢ᠌ᠭᠡᠮ ᠵᠢᠷᠦᠮᠲᠦ ᠰᠢᠨ᠎ᠡ ᠮᠠᠯᠵᠢᠬᠤ ᠣᠷᠤᠨ ᠢ ᠪᠦᠲᠦᠬᠡᠨ ᠪᠠᠢ᠌ᠭᠤᠯᠬᠤ ᠪᠤᠯ ᠨᠠᠮ ᠪᠠ ᠤᠯᠤᠰ ᠠᠴᠠ ᠳᠤᠷᠠᠳᠤᠨ ᠭᠠᠷᠭᠠᠭᠰᠠᠨ ᠰᠢᠨ᠎ᠡ ᠴᠠᠭ ᠦᠶ᠎ᠡ ᠶᠢᠨ ᠴᠢᠬᠤᠯᠠ ᠶᠡᠬᠡ ᠲᠡᠦᠬᠡᠲᠦ ᠡᠭᠦᠷᠭᠡ ᠪᠤᠯᠬᠤ ᠪᠦᠭᠡᠳ ᠮᠦᠨᠴᠦ ᠡᠶ᠎ᠡ ᠵᠤᠬᠢᠴᠠᠯ ᠲᠠᠢ ᠨᠡᠢ᠌ᠭᠡᠮ ᠪᠤᠯᠤᠨ ᠴᠢᠨᠡᠭᠡᠯᠢᠭ᠌ ᠨᠡᠢ᠌ᠭᠡᠮ ᠢ ᠪᠠᠢ᠌ᠭᠤᠯᠬᠤ ᠶᠢᠨ ᠴᠢᠬᠤᠯᠠ ᠶᠡᠬᠡ ᠪᠠᠢ᠌ᠯᠳᠤᠬᠤ ᠪᠤᠯᠳᠤᠭ᠎ᠠ ᠶᠢᠨ ᠪᠠᠢ᠌ᠷᠢᠯᠠᠭᠤᠯᠤᠯᠲᠠ ᠮᠦᠨ᠃ ᠨᠡᠢ᠌ᠭᠡᠮ ᠵᠢᠷᠦᠮᠲᠦ ᠰᠢᠨ᠎ᠡ ᠮᠠᠯᠵᠢᠬᠤ ᠣᠷᠤᠨ ᠢ ᠪᠦᠲᠦᠬᠡᠨ ᠪᠠᠢ᠌ᠭᠤᠯᠬᠤ ᠪᠤᠯ ᠨᠢᠭᠡ ᠵᠤᠢ᠌ᠯ ᠤᠨ ᠰᠢᠰᠲ᠋᠋ᠧᠮᠲᠦ ᠢᠨᠵᠧᠨᠧᠷᠢᠩ ᠪᠤᠯᠬᠤ ᠪᠦᠭᠡᠳ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠮᠠᠰᠢ ᠠᠷᠪᠢᠨ ᠪᠠᠢ᠌ᠵᠤ᠂ ᠲᠡᠭᠦᠨ ᠦ ᠳᠤᠲᠤᠷ᠎ᠠ ᠬᠠᠮᠤᠭ ᠤᠨ ᠲᠤᠯᠭᠠᠮ᠎ᠠ ᠵᠤᠢ᠌ᠯ ᠭᠡᠪᠡᠯ ᠮᠠᠯᠴᠢᠳ ᠤᠨ ᠣᠷᠤᠯᠭ᠎ᠠ ᠶᠢᠨ ᠨᠡᠮᠡᠭᠳᠡᠯ ᠤᠳᠠᠭᠠᠰᠢᠷᠠᠵᠤ ᠪᠠᠢ᠌ᠬᠤ ᠪᠠ ᠮᠠᠯᠵᠢᠬᠤ ᠣᠷᠤᠨ ᠤ ᠢᠯᠡᠭᠦᠴᠡ ᠬᠦᠳᠡᠯᠮᠦᠷᠢ ᠬᠦᠴᠦᠨ ᠦ ᠨᠦᠬᠡᠴᠡ ᠶᠢ ᠰᠢᠯᠵᠢᠭᠦᠯᠬᠦ ᠵᠢᠴᠢ ᠨᠤᠲᠤᠭ ᠪᠡᠯᠴᠢᠭᠡᠷ ᠦᠨ ᠠᠮᠢ ᠠᠬᠤᠢ ᠶᠢ ᠬᠡᠷᠬᠢᠨ ᠬᠠᠮᠠᠭᠠᠯᠠᠬᠤ ᠵᠡᠷᠭᠡ ᠠᠰᠠᠭᠤᠳᠠᠯ ᠤᠳ ᠪᠤᠯᠤᠨ᠎ᠠ᠃ ᠮᠠᠯᠴᠢᠳ ᠪᠤᠯ ᠰᠢᠨ᠎ᠡ ᠮᠠᠯᠵᠢᠬᠤ ᠣᠷᠤᠨ ᠢ ᠪᠦᠲᠦᠬᠡᠨ ᠪᠠᠢ᠌ᠯᠭᠤᠬᠤ ᠶᠢᠨ ᠭᠤᠤᠯ ᠬᠦᠴᠦᠨ ᠮᠦᠨ᠂ ᠡᠷᠬᠡᠪᠰᠢ ᠮᠠᠯᠴᠢᠳ ᠤᠨ ᠭᠤᠤᠯᠯᠠᠬᠤ ᠦᠢᠯᠡᠳᠦᠯ ᠢ ᠪᠠᠳᠠᠷᠠᠭᠤᠯᠬᠤ ᠪᠠᠷ ᠰᠢᠨ᠎ᠡ ᠮᠠᠯᠵᠢᠬᠤ ᠣᠷᠤᠨ ᠢ ᠪᠦᠲᠦᠬᠡᠨ ᠪᠠᠢ᠌ᠭᠤᠯᠬᠤ ᠶᠢᠨ ᠡᠬᠢᠯᠡᠯᠲᠡ ᠪᠡ ᠲᠤᠭᠲᠠᠴᠠ ᠪᠤᠯᠭᠠᠪᠠᠯ ᠵᠤᠬᠢᠨ᠎ᠠ᠃ ᠣᠳᠤᠬᠠᠨ ᠤ ᠮᠠᠯᠴᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠨᠢ ᠬᠤᠷᠤ᠎ᠠ ᠣᠷᠴᠢᠨ ᠠᠬᠤᠢ (ᠮᠠᠯ ᠤᠨ ᠲᠤᠭ᠎ᠠ ᠶᠢ ᠬᠢᠵᠠᠭᠠᠷᠯᠠᠬᠤ) ᠪᠤᠯᠤᠨ ᠮᠢᠺᠷᠤᠪ ᠣᠷᠴᠢᠨ ᠠᠬᠤᠢ (ᠪᠡᠯᠴᠢᠭᠡᠷ ᠦᠨ ᠲᠠᠯᠠᠪᠠᠢ ᠪᠠᠭ᠎ᠠ᠂ ᠡᠬᠡ ᠮᠦᠩᠭᠦ ᠬᠦᠷᠦᠯᠴᠡᠬᠦ ᠦᠭᠡᠢ)᠋ ᠶᠢᠨ ᠴᠩ᠋ᠭ᠎ᠠ ᠬᠢᠵᠠᠭᠠᠷᠯᠠᠯ ᠳᠤ ᠲᠤᠯᠭᠠᠷᠠᠵᠤ᠂ ᠮᠠᠯᠴᠢᠳ ᠮᠠᠯᠵᠢᠯ ᠳᠤ ᠲᠦᠰᠢᠭᠯᠡᠨ ᠠᠮᠢᠳᠤᠷᠠᠯ ᠤᠨ ᠠᠷᠭᠠᠴᠠᠭᠠᠬᠤ ᠪᠤᠶᠤ ᠭᠡᠷ ᠪᠦᠯᠢ ᠶᠢᠨ ᠠᠮᠢᠳᠤᠷᠠᠯ ᠤᠨ ᠬᠠᠷᠠᠯᠲᠠ ᠪᠤᠯ ᠪᠡᠶᠡᠯᠡᠭᠦᠯᠬᠦ ᠳᠦ ᠪᠠᠭ᠎ᠠ ᠪᠤᠰᠤ ᠪᠡᠷᠬᠡᠰᠢᠶᠡᠯ ᠲᠤᠯᠭᠠᠷᠠᠵᠤ ᠪᠤᠢ᠃ ᠦᠭᠦᠯᠡᠯ ᠳᠦ ᠰᠢᠯᠢ ᠶᠢᠨ ᠭᠤᠤᠯ ᠠᠢ᠌ᠮᠠᠭ ᠤᠨ ᠰᠢᠯᠤᠭᠤᠨ ᠬᠦᠪᠡᠭᠡᠲᠦ ᠴᠠᠭᠠᠨ ᠬᠤᠰᠢᠭᠤ᠂ ᠬᠦᠪᠡᠭᠡᠲᠦ ᠰᠢᠷ᠎ᠠ ᠬᠤᠰᠢᠭᠤ ᠪᠤᠯᠤᠨ ᠰᠢᠯᠤᠭᠤᠨ ᠬᠦᠬᠡ ᠬᠤᠰᠢᠭᠤ ᠵᠡᠷᠭᠡ ᠭᠤᠷᠪᠠᠨ ᠮᠠᠯᠵᠢᠬᠤ ᠬᠤᠰᠢᠭᠤᠨ ᠤ 20 ᠮᠠᠯᠴᠢᠨ ᠡᠷᠦᠬᠡ ᠪᠡᠷ ᠵᠢᠱᠢᠶᠡᠯᠡᠨ ᠦᠢᠯᠡᠳᠪᠦᠷᠢᠯᠡᠥᠯ ᠦᠨ ᠪᠦᠲᠦᠴᠡ ᠬᠢᠭᠡᠳ ᠣᠷᠤᠯᠭ᠎ᠠ ᠵᠠᠷᠤᠯᠭ᠎ᠠ ᠶᠢ ᠪᠠᠢ᠌ᠴᠠᠭᠠᠨ ᠵᠠᠳᠠᠯᠬᠤ ᠠᠴᠠ ᠭᠠᠷᠲᠠᠵᠤ᠂ ᠮᠠᠯᠴᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠣᠳᠣ ᠶᠢᠨ ᠪᠠᠢ᠌ᠳᠠᠯ ᠬᠢᠭᠡᠳ ᠲᠤᠯᠭᠠᠷᠠᠵᠤ ᠪᠠᠢ᠌ᠬᠤ ᠪᠡᠷᠬᠡᠰᠢᠶᠡᠯ ᠢ ᠰᠤᠳᠤᠯᠬᠤ ᠪᠤᠯᠤᠨ᠎ᠠ᠃
Original Literature View Original Paper
出自 内蒙古社会科学(蒙文版) 2010年 第5期

联系我们


内蒙古大学图书馆
呼和浩特市大学西路235号
中国·内蒙古
P: (0471) 4992561
E: huangfeilong@imu.edu.cn