Paper Information


Title ᠨᠡᠢᠲᠡ ᠶᠢᠨ ᠲᠦᠷᠦ ᠶᠢᠨ ᠪᠣᠳᠤᠯᠭ᠎ᠠ ᠶᠢᠨ ᠤᠬᠠᠭᠠᠨ》 ᠤ ᠬᠢᠴᠢᠶᠡᠯᠯᠡᠭᠡ ᠶᠢᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢᠨ ᠲᠣᠬᠠᠢ
Creator ᠠᠷᠪᠠᠨᠵᠢᠩ
Keyword ᠨᠡᠢᠲᠡ ᠶᠢᠨ ᠲᠦᠷᠦ ᠶᠢᠨ ᠪᠣᠳᠤᠯᠭ᠎ᠠ ᠶᠢᠨ ᠤᠬᠠᠭᠠᠨ;ᠬᠢᠴᠢᠶᠡᠯ ᠤᠨ ᠠᠭᠤᠯᠭ᠎ᠠ ᠶᠢᠨ ᠰᠢᠯᠢᠳᠡᠭᠵᠢᠭᠦᠯᠦᠯᠲᠡ; ᠵᠢᠭᠠᠨ ᠰᠤᠷᠭᠠᠯᠲᠠ ᠶᠢᠨ ᠦᠭᠡᠷᠡᠴᠢᠯᠡᠯᠲᠡ; ᠰᠢᠨ᠎ᠠ ᠡᠭᠦᠳᠦᠯᠲᠡ
Abstract ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢᠨ ᠭᠤᠤᠯ ᠠᠰᠠᠭᠤᠳᠠᠯ ᠪᠣᠯ ᠲᠠᠷᠤᠢ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠪᠣᠯᠤᠨ᠎ᠠ᠃ ᠡᠭᠦᠨ ᠳ᠋ᠤ ᠰᠤᠷᠭᠠᠨ ᠬᠦᠮᠦᠵᠢᠯ ᠤᠨ ᠠᠭᠤᠯᠭ᠎ᠠ᠂ ᠵᠢᠭᠠᠨ ᠰᠤᠷᠭᠠᠯᠲᠠ ᠶᠢᠨ ᠠᠷᠭ᠎ᠠ᠂ᠰᠢᠯᠭᠠᠯᠲᠠ ᠶᠢᠨ ᠠᠷᠭ᠎ᠠ ᠬᠢᠭᠡᠳ ᠵᠢᠭᠠᠨ ᠰᠤᠷᠭᠠᠯᠲᠠ ᠶᠢᠨ ᠦᠨᠡᠯᠡᠯᠲᠡ ᠵᠡᠷᠭᠡ ᠶᠡᠷᠦᠩᠬᠡᠢᠴᠢᠯᠡᠭᠰᠡᠨ ᠦᠭᠡᠷᠡᠴᠢᠯᠡᠯᠲᠡ ᠪᠠᠭᠳᠠᠨ᠎ᠠ᠃ ᠨᠡᠢᠲᠡ ᠶᠢᠨ ᠲᠦᠷᠦ ᠶᠢᠨ ᠪᠣᠳᠤᠯᠭ᠎ᠠ ᠶᠢᠨ ᠤᠬᠠᠭᠠᠨ ᠪᠣᠯ ᠨᠡᠢᠲᠡ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠵᠠᠪᠠᠯ ᠰᠤᠷᠬᠤ ᠭᠤᠤᠯ ᠬᠢᠴᠢᠶᠡ ᠮᠦᠨ᠃ ᠲᠤᠰ ᠦᠭᠦᠯᠡᠯ ᠳ᠋ᠤ᠂ ᠨᠡᠢᠲᠡ ᠶᠢᠨ ᠬᠠᠮᠢᠶᠠᠷᠤᠯᠲᠠ ᠶᠢᠨ ᠤᠬᠠᠭᠠᠨ ᠤ ᠭᠤᠤᠯ ᠠᠭᠤᠯᠭ᠎ᠠ ᠪᠠ ᠵᠢᠭᠠᠨ ᠰᠤᠷᠭᠠᠯᠲᠠ ᠶᠢᠨ ᠬᠦᠳᠦᠯᠪᠦᠷᠢ ᠶᠢᠨ ᠱᠠᠭᠠᠷᠳᠠᠯᠭ᠎ᠠ ᠵᠢ ᠦᠨᠳᠦᠰᠦᠯᠡᠵᠦ᠂ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠰᠢᠨ᠎ᠡ ᠵᠢ ᠡᠭᠦᠳᠬᠦ ᠴᠢᠳᠠᠪᠤᠷᠢᠲᠠᠨ ᠢ ᠮᠦᠨᠦᠵᠢᠬᠦᠯᠬᠦ ᠬᠠᠷᠠᠯᠲᠠ ᠶᠢᠨ ᠰᠠᠭᠤᠷᠢᠨ ᠲᠡᠭᠡᠷ ᠡ᠂ ᠦᠨᠳᠦᠰᠦᠨ ᠠᠩᠬᠢ ᠶᠢᠨ ᠰᠤᠷᠤᠭᠴᠢᠳ ᠲᠤ ᠨᠡᠢᠲᠡ ᠶᠢᠨ ᠲᠦᠷᠦ ᠶᠢᠨ ᠪᠣᠳᠤᠯᠭ᠎ᠠ ᠶᠢᠨ ᠤᠬᠠᠭᠠᠨ ᠤ ᠬᠢᠴᠢᠶᠡᠯ ᠢ ᠵᠢᠭᠠᠬᠤ ᠳ᠋ᠤ ᠡᠷᠭᠡᠪᠰᠢ ᠵᠢᠭᠠᠬᠤ ᠠᠷᠭ᠎ᠠ ᠶᠢᠨ ᠦᠭᠡᠷᠡᠴᠢᠯᠡᠯᠲᠡ ᠡᠴᠡ ᠭᠠᠷᠳᠠᠬᠤ ᠵᠢ ᠴᠢᠬᠤᠯᠠᠴᠢᠯᠠᠵᠤ᠂ ᠪᠠᠭᠰᠢ ᠰᠤᠷᠤᠭᠴᠢ ᠬᠠᠷᠢᠯᠴᠠᠨ ᠶᠠᠷᠢᠯᠴᠠᠬᠤ᠂ ᠵᠢᠱᠢᠶ ᠡ ᠵᠠᠳᠠᠯᠤᠯᠲᠠ ᠬᠢᠬᠦ᠂ ᠰᠦᠪᠡᠭᠴᠢᠯᠠᠨ ᠤᠬᠠᠴᠢᠢᠯᠠᠬᠤ᠂ᠦᠵᠡᠭᠦᠯᠦᠯᠭᠡ ᠶᠢᠨ ᠬᠡᠯᠪᠡᠷᠢ ᠵᠡᠷᠭᠡ ᠤᠯᠠᠨ ᠵᠦᠢᠯ ᠤᠨ ᠵᠢᠭᠠᠨ ᠰᠤᠷᠭᠠᠯᠲᠠ ᠶᠢᠨ ᠠᠷᠭ᠎ᠠ ᠵᠢ ᠠᠮᠢᠳᠤᠯᠢᠭ ᠢᠢᠡᠷ ᠠᠰᠢᠭᠯᠠᠵᠤ᠂ ᠤᠨᠤᠯ ᠤᠨ ᠰᠤᠷᠤᠯᠴᠠᠯᠭ᠎ᠠ ᠵᠢ ᠶᠠᠷᠢᠯᠴᠠᠨ ᠰᠤᠯᠢᠯᠴᠠᠬᠤ᠂ ᠰᠣᠷᠢᠯᠲᠠ ᠦᠢᠯᠡᠳᠦᠯᠭᠡ ᠵᠡᠷᠭᠡ ᠪᠡᠶᠡᠴᠢ ᠤᠬᠠᠮᠰᠠᠷᠲᠤ ᠰᠤᠷᠤᠯᠭ᠎ᠠ ᠪᠠ ᠦᠢᠯᠡᠳᠦᠯᠭᠡ ᠲᠠᠳᠤᠯᠭ᠎ᠠ ᠲᠠᠢ ᠨᠢ ᠨᠢᠭᠲᠠ ᠤᠷᠭᠠᠨᠢᠭ ᠢᠢᠡᠷ ᠤᠶᠠᠯᠳᠤᠭᠤᠯᠵᠤ᠂ ᠨᠡᠢᠭᠡᠮ ᠳ᠋ᠤ ᠬᠡᠷᠡᠭᠴᠡᠭᠡᠲᠦ ᠪᠦᠬᠦᠢ ᠴᠢᠳᠠᠪᠤᠷᠢᠲᠠᠨ ᠢ ᠬᠦᠮᠦᠵᠢᠬᠦᠯᠬᠦ ᠵᠢ ᠰᠣᠳᠤᠯᠤᠨ ᠰᠦᠪᠡᠭᠴᠢᠯᠡᠪᠡ᠃
Original Literature View Original Paper
出自 内蒙古师范大学学报 2012年 第4期

联系我们


内蒙古大学图书馆
呼和浩特市大学西路235号
中国·内蒙古
P: (0471) 4992561
E: huangfeilong@imu.edu.cn