Paper Information


Title ᠦᠪᠦᠷ ᠮᠣᠩᠭᠤᠯ ᠤᠨ ᠵᠡᠭᠦᠨ ᠬᠡᠰᠡᠭ ᠲᠡᠬᠢ ᠮᠣᠩᠭᠤᠯ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡᠨ ᠦ ᠪᠦᠲᠦᠴᠡ ᠶᠢᠨ ᠲᠤᠬᠠᠢ ᠪᠠᠢᠴᠠᠭᠠᠨ ᠵᠠᠳᠠᠯᠤᠯᠲᠠ
Creator ᠬᠤᠸᠠᠩ ᠰᠢᠶᠤᠤ ᠶᠢᠩ
Keyword ᠮᠣᠩᠭᠤᠯ ᠳᠤᠮᠳᠠᠳᠤ ᠪᠠᠭ᠎ᠠ ᠰᠤᠷᠭᠠᠭᠤᠯᠢ; ᠪᠠᠭᠰᠢ ᠶᠢᠨ ᠡᠩᠨᠡᠭᠡ; ᠪᠦᠲᠦᠴᠡ; ᠪᠠᠢᠴᠠᠭᠠᠯᠲᠠ
Abstract ᠦᠪᠦᠷ ᠮᠣᠩᠭᠤᠯ ᠤᠨ ᠵᠡᠭᠦᠨ ᠬᠡᠰᠡᠭ ᠤᠨ ᠮᠠᠯᠵᠢᠬᠤ ᠲᠠᠷᠢᠶᠠᠯᠠᠬᠤ ᠣᠷᠤᠨ ᠳᠠᠬᠢ ᠮᠣᠩᠭᠤᠯ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡᠨ ᠦ ᠪᠦᠲᠦᠴᠡ ᠶᠢᠨ ᠪᠠᠢᠴᠠᠭᠠᠯᠲᠠ ᠪᠠ ᠵᠠᠳᠠᠯᠤᠯᠲᠠ ᠪᠠᠷ ᠳᠠᠮᠵᠢᠨ᠂ ᠪᠠᠭᠰᠢ ᠶᠢᠨ ᠬᠦᠢᠰᠦ ᠢᠯᠭᠠᠯ ᠤᠨ ᠪᠦᠲᠦᠴᠡ ᠨᠢ ᠲᠤᠬᠢᠷᠠᠮᠵᠢᠲᠠᠢ᠂ ᠰᠤᠷᠤᠯᠭ᠎ᠠ ᠶᠢᠨ ᠨᠠᠮᠳᠠᠷ ᠤᠨ ᠬᠡᠮᠵᠢᠶ᠎ᠡ ᠱᠠᠭᠠᠷᠳᠠᠯᠭ᠎ᠠ ᠳᠤ ᠨᠡᠢᠴᠡᠵᠦ᠂ ᠮᠡᠷᠭᠡᠵᠢᠯ ᠦᠨ ᠴᠤᠯᠠ ᠶᠢᠨ ᠪᠦᠲᠦᠴᠡ ᠶᠢᠨ ᠲᠠᠯ᠎ᠠ ᠪᠠᠷ ᠦᠨᠳᠦᠷ ᠳᠡᠰ ᠦᠨ ᠪᠠᠭᠰᠢ ᠶᠢᠨ ᠬᠠᠷᠢᠴᠠᠯ ᠶᠡᠬᠡᠩᠭᠢ ᠬᠡᠰᠡᠭ ᠢ ᠡᠵᠡᠯᠡᠵᠦ ᠪᠠᠢᠭ᠎ᠠ ᠶᠢ ᠮᠡᠳᠡᠪᠡ᠃ ᠭᠡᠪᠡᠴᠦ ᠪᠠᠭᠰᠢ ᠶᠢᠨ ᠡᠩᠨᠡᠭᠡᠨ ᠦ ᠨᠠᠰᠤᠨ ᠤ ᠪᠦᠲᠦᠴᠡ ᠨᠢ ᠨᠢᠭᠡᠨᠲᠡ ᠦᠳᠡᠯᠦᠭᠰᠡᠨ ᠪᠠᠢᠳᠠᠯ ᠳᠤ ᠣᠷᠤᠵᠤ᠂ 41 — 50 ᠨᠠᠰᠤᠨ ᠤ ᠪᠠᠭᠰᠢ ᠶᠢᠨ ᠬᠠᠷᠢᠴᠠᠯ 45.36% ᠬᠦᠷᠴᠦ᠂ ᠪᠠᠭᠰᠢ ᠶᠢᠨ ᠢᠷᠡᠯᠲᠡ ᠳᠦ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠠᠴᠠ ᠤᠯᠤᠰ ᠤᠨ ᠵᠢᠩᠬᠢᠨᠢ ᠪᠠᠭᠰᠢ ᠪᠤᠯᠤᠭᠰᠠᠨ ᠨᠢ 23.8% ᠶᠢ ᠡᠵᠡᠯᠡᠵᠦ᠂ ᠬᠢᠴᠢᠶᠡᠯ ᠲᠦᠷᠦᠯ ᠦᠨ ᠲᠤᠰᠬᠠᠢ ᠮᠡᠷᠭᠡᠵᠢᠯ ᠦᠨ ᠪᠦᠲᠦᠴᠡ ᠳᠦ ᠪᠠᠭᠰᠢ ᠶᠢᠨ ᠰᠤᠷᠤᠭᠰᠠᠨ ᠲᠤᠰᠬᠠᠢ ᠮᠡᠷᠭᠡᠵᠢᠯ ᠪᠡ ᠡᠷᠬᠢᠯᠡᠵᠦ ᠪᠠᠢᠭ᠎ᠠ ᠬᠢᠴᠢᠶᠡᠯ ᠲᠦᠷᠦᠯ ᠦᠨ ᠨᠢᠭᠡᠲᠦᠯᠲᠡᠢ ᠴᠢᠨᠠᠷ ᠨᠢ ᠲᠤᠩ ᠳᠤᠤᠷ᠎ᠠ ᠵᠡᠷᠭᠡ ᠪᠠᠢᠳᠠᠯ ᠣᠷᠤᠰᠢᠵᠤ ᠪᠤᠢ᠃ ᠦᠭᠦᠯᠡᠯ ᠳᠦ ᠪᠠᠰᠠ᠂ ᠪᠠᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠪᠠᠭᠰᠢ ᠶᠢᠨ ᠡᠩᠨᠡᠭᠡᠨ ᠦ ᠪᠦᠲᠦᠬᠡᠨ ᠪᠠᠢᠭᠤᠯᠤᠯᠲᠠ ᠳᠤ ᠬᠡᠳᠦᠨ ᠲᠠᠯ᠎ᠠ ᠶᠢᠨ ᠰᠠᠨᠠᠭᠤᠯᠭ᠎ᠠ ᠳᠤᠷᠠᠳᠴᠠᠢ᠃
Original Literature No Original Paper
出自 内蒙古师范大学学报(自然科学蒙古文版) 2013年 第4期

联系我们


内蒙古大学图书馆
呼和浩特市大学西路235号
中国·内蒙古
P: (0471) 4992561
E: huangfeilong@imu.edu.cn