Title |
ᠠᠩᠭ᠍ᠯᠢ ᠬᠡᠯᠡᠨ ᠤ ᠲᠤᠰᠬᠠᠢ ᠮᠡᠷᠭᠡᠵᠢᠯ ᠤᠨ ᠰᠤᠷᠤᠭᠴᠢᠳ ᠤᠨ ᠪᠠᠭᠰᠢ ᠶᠢᠨ ᠬᠡᠪ ᠴᠢᠨᠠᠷ ᠤᠨ ᠬᠦᠮᠦᠵᠢᠯ ᠤᠨ ᠲᠤᠬᠠᠢ |
Creator |
ᠰᠠᠷᠠᠭᠤᠯ |
Keyword |
ᠴᠦᠬᠡᠨ ᠲᠤᠭᠠᠳᠤ ᠦᠨᠳᠦᠰᠦᠳᠡᠨ; ᠪᠠᠭᠰᠢ ᠶᠢᠨ ᠲᠡᠭᠡᠳᠦ ᠰᠤᠷᠭᠠᠭᠤᠯᠢ; ᠠᠩᠭ᠍ᠯᠢ ᠬᠡᠯᠡᠨ ᠤ ᠲᠤᠰᠬᠠᠢ ᠮᠡᠷᠭᠡᠵᠢᠯ; ᠰᠢᠨ᠎ᠡ ᠬᠢᠴᠢᠶᠡᠯ ᠤᠨ ᠦᠭᠡᠷᠡᠴᠢᠯᠡᠯᠳᠡ; ᠪᠠᠭᠰᠢ ᠶᠢᠨ ᠬᠡᠪ ᠴᠢᠨᠠᠷ ᠤᠨ ᠬᠦᠮᠦᠵᠢᠯ |
Abstract |
ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠪᠠᠭᠰᠢ ᠶᠢᠨ ᠲᠡᠭᠡᠳᠦ ᠰᠤᠷᠭᠠᠭᠤᠯᠢ ᠶᠢᠨ ᠵᠤᠷᠢᠯᠳᠠ ᠪᠤᠯ ᠴᠦᠬᠡᠨ ᠲᠤᠭᠠᠳᠤ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠳᠤ ᠲᠡᠭᠡᠳᠦ ᠬᠡᠪ ᠴᠢᠨᠠᠷ ᠲᠠᠢ ᠬᠠᠮ ᠪᠦᠳᠦᠴᠡᠳᠦ ᠪᠠᠭᠰᠢ ᠶᠢ ᠬᠦᠮᠦᠵᠢᠭᠦᠯᠬᠦ ᠳᠤ ᠤᠷᠤᠰᠢᠨ᠎ᠠ᠃ ᠤᠳᠤᠬᠠᠨ ᠳᠤ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠳᠡᠬᠢ ᠪᠠᠭᠰᠢ ᠶᠢᠨ ᠲᠡᠭᠡᠳᠦ ᠰᠤᠷᠭᠠᠭᠤᠯᠢ ᠨᠢ ᠪᠠᠢ᠌ᠴᠠ ᠶᠢᠨ ᠪᠤᠢ᠌ᠳᠠ ᠪᠦᠭ᠍ᠯᠡᠭᠦᠦ᠂ ᠠᠵᠤ ᠠᠬᠤᠢ᠂ ᠰᠤᠷᠭᠠᠨ ᠬᠦᠮᠦᠵᠢᠯ ᠤᠨ ᠬᠤᠴᠤᠷᠤᠩᠭ᠋ᠤᠢ ᠵᠡᠷᠭᠡ ᠰᠢᠯᠳᠠᠭᠠᠨ ᠡᠴᠡ ᠪᠤᠯᠵᠤ ᠴᠢᠳᠠᠪᠤᠷᠢᠳᠠᠨ ᠢ ᠬᠦᠮᠦᠵᠢᠭᠦᠯᠬᠦ ᠬᠠᠷᠠᠯᠳᠠ᠂ ᠬᠢᠴᠢᠶᠡᠯ ᠤᠨ ᠲᠤᠬᠢᠷᠠᠭᠤᠯᠤᠯᠳᠠ᠂ ᠵᠢᠭᠠᠨ ᠰᠤᠷᠭᠠᠬᠤ ᠦᠢᠯᠡᠳᠦᠯᠭᠡ ᠵᠡᠷᠭᠡ ᠲᠠᠯ᠎ᠠ ᠪᠡᠷ ᠰᠢᠨ᠎ᠡ ᠬᠢᠴᠢᠶᠡᠯ ᠤᠨ ᠦᠭᠡᠷᠡᠴᠢᠯᠡᠯᠳᠡ ᠶᠢᠡᠨ ᠠᠩᠭ᠍ᠯᠢ ᠬᠡᠯᠡᠨ ᠤ ᠪᠠᠭᠰᠢ ᠳᠤ ᠲᠠᠯᠪᠢᠬᠤ ᠱᠠᠭᠠᠷᠳᠠᠯᠭ᠎ᠠ ᠳᠤ ᠬᠦᠷᠴᠦ ᠲᠡᠢ᠌ᠯᠬᠦ ᠦᠭᠡᠢ ᠪᠤᠢ᠃ ᠲᠤᠰ ᠦᠭᠦᠯᠡᠯ ᠳᠤ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠳᠡᠬᠢ ᠪᠠᠭᠰᠢ ᠶᠢᠨ ᠲᠡᠭᠡᠳᠦ ᠰᠤᠷᠭᠠᠭᠤᠯᠢ ᠶᠢᠨ ᠠᠩᠭ᠍ᠯᠢ ᠬᠡᠯᠡᠨ ᠤ ᠲᠤᠰᠬᠠᠢ ᠮᠡᠷᠭᠡᠵᠢᠯ ᠤᠨ ᠵᠢᠭᠠᠨ ᠰᠤᠷᠭᠠᠯᠳᠠ ᠶᠢᠨ ᠪᠠᠢ᠌ᠳᠠᠯ ᠳᠤ ᠪᠤᠳᠠᠳᠠᠢ ᠵᠠᠳᠠᠯᠤᠯᠳᠠ ᠬᠢᠵᠦ᠂ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠳᠡᠬᠢ ᠪᠠᠭᠰᠢ ᠶᠢᠨ ᠲᠡᠭᠡᠳᠦ ᠰᠤᠷᠭᠠᠭᠤᠯᠢ ᠶᠢᠨ ᠠᠩᠭ᠍ᠯᠢ ᠬᠡᠯᠡᠨ ᠤ ᠲᠤᠰᠬᠠᠢ ᠮᠡᠷᠭᠡᠵᠢᠯ ᠤᠨ ᠲᠡᠭᠦᠰᠬᠦ ᠰᠤᠷᠤᠭᠴᠢ ᠶᠢᠨ ᠪᠠᠭᠰᠢ ᠶᠢᠨ ᠬᠡᠪ ᠴᠢᠨᠠᠷ ᠤᠨ ᠪᠦᠷᠢᠯᠳᠦᠯ ᠪᠠ ᠲᠡᠭᠦᠨ ᠢ ᠬᠡᠷᠬᠢᠨ ᠬᠦᠮᠦᠵᠢᠭᠦᠯᠬᠦ ᠲᠤᠬᠠᠢ ᠦᠭᠦᠯᠡᠵᠡᠢ᠃ |
Original Literature |
View Original Paper
|
出自 |
赤峰学院学报(蒙文哲学社会科学版)
2015年
第5期
|