Paper Information


Title ᠭᠠᠨᠰᠤ ᠮᠤᠵᠢ ᠶᠢᠨ ᠬᠤᠷᠠᠮᠠᠯ ᠴᠠᠰᠤᠨ ᠤ ᠴᠠᠭ ᠬᠤᠭᠤᠴᠠᠭ᠎ᠠ ᠣᠷᠤᠨ ᠵᠠᠢ ᠶᠢᠨ ᠬᠤᠪᠢᠷᠠᠯᠲᠠ ᠬᠢᠭᠡᠳ ᠠᠭᠤᠷ ᠠᠮᠢᠰᠬᠤᠯ ᠤᠨ ᠨᠦᠯᠦᠭᠡᠯᠡᠯ
Creator ᠸᠠᠩ ᠮᠦᠯᠠᠨ; ᠰᠠᠴᠤᠷᠠ
Keyword ᠭᠠᠨᠰᠤ ᠮᠤᠵᠢ; MOD10A2; ᠬᠤᠷᠠᠮᠠᠯ ᠴᠠᠰᠤᠨ ᠤ ᠲᠠᠯᠠᠪᠠᠢ; ᠴᠠᠭ ᠬᠤᠭᠤᠴᠠᠭ᠎ᠠ ᠪᠠ ᠣᠷᠤᠨ ᠵᠠᠢ ᠶᠢᠨ ᠬᠤᠪᠢᠷᠠᠯᠲᠠ; ᠠᠭᠤᠷ ᠠᠮᠢᠰᠬᠤᠯ ᠤᠨ ᠨᠦᠯᠦᠭᠡᠯᠡᠯ
Abstract ᠦᠭᠦᠯᠡᠯ ᠨᠢ 10 ᠵᠢᠯ ᠤᠨ ᠣᠷᠴᠢᠮ ᠤᠨ MODIS ᠰᠡᠭᠦᠳᠡᠷ ᠢ ᠠᠰᠢᠭᠯᠠᠨ ᠭᠠᠨᠰᠤ ᠮᠤᠵᠢ ᠶᠢᠨ ᠬᠤᠷᠠᠮᠠᠯ ᠴᠠᠰᠤᠨ ᠤ ᠲᠠᠯᠠᠪᠠᠢ ᠶᠢᠨ ᠴᠠᠭ ᠬᠤᠭᠤᠴᠠᠭ᠎ᠠ ᠪᠠ ᠣᠷᠤᠨ ᠵᠠᠢ ᠶᠢᠨ ᠲᠠᠯ᠎ᠠ ᠪᠠᠷ ᠬᠢ ᠬᠤᠪᠢᠷᠠᠯᠲᠠ ᠶᠢᠨ ᠣᠨᠴᠠᠯᠢᠭ ᠵᠢᠴᠢ ᠠᠭᠤᠷ ᠠᠮᠢᠰᠬᠤᠯ ᠤᠨ ᠨᠦᠯᠦᠭᠡᠯᠡᠯ ᠢ ᠰᠤᠳᠤᠯᠵᠠᠢ᠃ ᠲᠤᠰᠤ ᠰᠤᠳᠤᠯᠭᠠᠨ ᠢᠶᠠᠷ ᠳᠠᠮᠵᠢᠨ ᠬᠤᠭᠤᠴᠠᠭᠠᠨ ᠤ ᠲᠠᠯ᠎ᠠ ᠪᠠᠷ ᠵᠠᠳᠠᠯᠪᠠᠯ᠂ ᠭᠠᠨᠰᠤ ᠮᠤᠵᠢ ᠶᠢᠨ ᠬᠤᠷᠠᠮᠠᠯ ᠴᠠᠰᠤᠨ ᠤ ᠲᠠᠯᠠᠪᠠᠢ ᠨᠢ ᠪᠠᠭᠤᠷᠠᠬᠤ ᠬᠠᠨᠳᠤᠰᠢ ᠲᠠᠢ ᠪᠠᠢᠭ᠎ᠠ ᠶᠢ ᠮᠡᠳᠡᠭᠰᠡᠨ ᠪᠠᠢᠨ᠎ᠠ᠃ ᠣᠷᠤᠨ ᠬᠡᠪᠴᠢᠶ᠎ᠡ ᠡᠴᠡ ᠦᠵᠡᠪᠡᠯ᠂ ᠭᠠᠨᠰᠤ ᠮᠤᠵᠢ ᠶᠢᠨ ᠮᠦᠩᠬᠡ ᠴᠠᠰᠤᠨ ᠤ ᠬᠤᠴᠢᠮᠠᠯ ᠨᠢ ᠭᠤᠤᠯᠳᠠᠭᠤ ᠬᠦᠬᠡᠨᠠᠭᠤᠷ ᠲᠦᠪᠡᠳ ᠦᠨ ᠦᠨᠳᠦᠷᠯᠢᠭ ᠦᠨ ᠬᠦᠪᠡᠭᠡ ᠵᠠᠬ᠎ᠠ ᠳᠠᠬᠢ ᠭᠠᠨᠰᠤ ᠮᠤᠵᠢ ᠶᠢᠨ ᠴᠢ ᠯᠢᠶᠠᠨ ᠱᠠᠨ ᠠᠭᠤᠯᠠᠨ ᠤ ᠡᠷᠬᠢᠨ ᠲᠤᠭᠤᠷᠢᠨ ᠳᠤ ᠣᠷᠤᠰᠢᠨ᠎ᠠ᠃ ᠭᠠᠨᠰᠤ ᠮᠤᠵᠢ ᠶᠢᠨ ᠬᠤᠷᠠᠮᠠᠯ ᠴᠠᠰᠤᠨ ᠤ ᠲᠠᠯᠠᠪᠠᠢ ᠶᠢᠨ ᠬᠤᠪᠢᠷᠠᠯᠲᠠ ᠨᠢ ᠲᠤᠰ ᠭᠠᠵᠠᠷ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠬᠠᠨᠳᠤᠰᠢ ᠲᠠᠢ ᠨᠢᠭᠲᠠ ᠬᠤᠯᠪᠤᠭᠯᠳᠠᠯ ᠲᠠᠢ᠃
Original Literature No Original Paper
出自 内蒙古师范大学学报(自然科学蒙古文版) 2015年 第1期

联系我们


内蒙古大学图书馆
呼和浩特市大学西路235号
中国·内蒙古
P: (0471) 4992561
E: huangfeilong@imu.edu.cn