Paper Information


Title ᠶᠡᠬᠡ ᠳᠡᠭᠡᠳᠦ ᠰᠤᠷᠭᠠᠭᠤᠯᠢ ᠶᠢᠨ ᠺᠤᠮᠫᠢᠦ᠋ᠲ᠋ᠧᠷ ᠤᠨ ᠰᠠᠭᠤᠷᠢ ᠬᠢᠴᠢᠶᠡᠯᠡᠯᠭᠡ ᠳᠡᠬᠢ ᠬᠡᠷᠡᠭ ᠦᠨ ᠵᠢᠱᠢᠶᠡᠨ ᠦ ᠵᠢᠭᠠᠨ ᠰᠤᠷᠭᠠᠬᠤ ᠠᠷᠭ᠎ᠠ ᠶᠢ ᠮᠦᠴᠢᠳ ᠦᠭᠦᠯᠡᠬᠦ ᠨᠢ
Creator ᠯᠢ ᠫᠢᠩ
Keyword ᠺᠤᠮᠫᠢᠦ᠋ᠲ᠋ᠧᠷ ᠤᠨ ᠰᠠᠭᠤᠷᠢ ᠮᠡᠳᠡᠯᠭᠡ; ᠬᠡᠷᠡᠭ ᠦᠨ ᠵᠢᠱᠢᠶ᠎ᠡ; ᠵᠢᠭᠠᠨ ᠰᠤᠷᠭᠠᠯᠲᠠ
Abstract ᠲᠤᠰ ᠦᠭᠦᠯᠡᠯ ᠳᠦ ᠶᠡᠬᠡ ᠳᠡᠭᠡᠳᠦ ᠰᠤᠷᠭᠠᠭᠤᠯᠢ ᠶᠢᠨ ᠺᠦᠮᠫᠢᠦ᠋ᠲ᠋ᠧᠷ ᠤᠨ ᠰᠠᠭᠤᠷᠢ ᠬᠢᠴᠢᠶᠡᠯ ᠦᠨ ᠦᠢᠯᠡᠳᠦᠯᠭᠡᠲᠦ ᠴᠢᠨᠠᠷ ᠴᠢᠩᠭ᠍᠎ᠠ ᠪᠠᠢᠭ᠎ᠠ ᠣᠨᠴᠠᠯᠢᠭ ᠲᠤ ᠴᠢᠭᠯᠡᠭᠦᠯᠵᠦ᠂ ᠤᠯᠠᠮᠵᠢᠯᠠᠯᠲᠤ ᠵᠢᠭᠠᠨ ᠰᠤᠷᠭᠠᠬᠤ ᠠᠷᠭ᠎ᠠ ᠯᠤᠭ᠎ᠠ ᠠᠳᠠᠯᠢ ᠦᠭᠡᠢ ᠨᠢᠭᠡ ᠵᠤᠢᠯ ᠤᠨ ᠰᠢᠨ᠎ᠡ ᠮᠠᠶᠢᠭ ᠤᠨ ᠵᠢᠭᠠᠨ ᠰᠤᠷᠭᠠᠬᠤ ᠠᠷᠭ᠎ᠠ — ᠬᠡᠷᠡᠭ ᠦᠨ ᠵᠢᠱᠢᠶᠡᠨ ᠦ ᠵᠢᠭᠠᠨ ᠰᠤᠷᠭᠠᠬᠤ ᠠᠷᠭ᠎ᠠ ᠶᠢ ᠬᠠᠢᠨ ᠰᠢᠨᠵᠢᠯᠡᠭᠰᠡᠨ ᠪᠠᠢᠨ᠎ᠠ᠃ ᠬᠡᠷᠡᠭ ᠦᠨ ᠵᠢᠱᠢᠶᠡᠨ ᠦ ᠵᠢᠭᠠᠨ ᠰᠤᠷᠭᠠᠯᠲᠠ ᠳᠤᠮᠳᠠ ᠶᠠᠭᠤᠨ ᠤ ᠡᠮᠦᠨ᠎ᠡ᠂ ᠪᠠᠭᠰᠢ ᠠᠴᠠ ᠪᠤᠳᠠᠲᠠᠢ ᠲᠠᠢ ᠬᠠᠪᠢᠳᠠᠬᠤ ᠡᠯ᠎ᠡ ᠵᠤᠢᠯ ᠤᠨ ᠬᠡᠷᠡᠭ ᠦᠨ ᠵᠢᠱᠢᠶ᠎ᠡ ᠶᠢ ᠵᠢᠷᠤᠨ ᠲᠦᠰᠦᠪᠯᠡᠵᠦ᠂ ᠤᠶᠤᠲᠠᠳ ᠤᠨ ᠠᠩᠬ᠎ᠠ ᠠᠯᠬᠤᠮ ᠤᠨ ᠰᠡᠷᠡᠯ ᠦᠨ ᠲᠠᠨᠢᠯᠲᠠ ᠲᠠᠢ ᠪᠤᠯᠬᠤ ᠶᠢ ᠪᠡᠶᠡᠯᠡᠭᠦᠯᠦᠨ᠎ᠡ᠃ ᠳᠠᠷᠠᠭ᠎ᠠ ᠨᠢ᠂ ᠣᠨᠣᠯ ᠤᠨ ᠦᠨᠳᠦᠷᠴᠡ ᠳᠦ ᠬᠦᠷᠭᠡᠵᠦ᠂ ᠬᠡᠷᠡᠭ ᠦᠨ ᠵᠢᠱᠢᠶᠡᠨ ᠦ ᠲᠠᠢᠯᠪᠤᠷᠢᠯᠠᠯᠲᠠ ᠪᠠᠨ ᠮᠡᠳᠡᠯᠭᠡ ᠶᠢᠨ ᠴᠡᠭ ᠦᠨ ᠲᠠᠢᠯᠪᠤᠷᠢᠯᠠᠯᠲᠠ ᠳᠤ ᠠᠭᠤᠰᠬᠠᠨ ᠰᠢᠮᠡᠳᠭᠡᠳᠡᠭ᠃ ᠬᠡᠷᠡᠭ ᠦᠨ ᠵᠢᠱᠢᠶᠡᠨ ᠦ ᠵᠢᠭᠠᠨ ᠰᠤᠷᠭᠠᠬᠤ ᠠᠷᠭ᠎ᠠ ᠶᠢ ᠬᠡᠷᠡᠭᠵᠢᠭᠦᠯᠬᠦ ᠪᠡᠷ ᠳᠠᠮᠵᠢᠨ᠂ ᠤᠶᠤᠲᠠᠳ ᠢ ᠦᠨᠡᠨ ᠪᠤᠲᠠᠲᠠᠢ ᠪᠠᠷ ᠰᠤᠷᠤᠯᠴᠠᠬᠤ ᠭᠤᠤᠯ ᠴᠤᠭᠴᠠ ᠶᠢᠨ ᠪᠠᠢᠷᠢᠨ ᠳᠤ ᠲᠠᠯᠪᠢᠵᠤ᠂ ᠲᠡᠳᠡᠨᠦᠰ ᠦᠨ ᠰᠤᠷᠤᠯᠴᠠᠬᠤ ᠢᠳᠡᠪᠬᠢᠵᠢᠯ ᠢ ᠨᠡᠮᠡᠭᠳᠡᠭᠦᠯᠦᠨ ᠪᠤᠳᠠᠲᠠᠢ ᠰᠤᠷᠤᠭᠰᠠᠨ ᠮᠡᠳᠡᠯᠭᠡ ᠪᠡᠨ ᠡᠳᠦᠷ ᠳᠤᠲᠤᠮ ᠤᠨ ᠰᠤᠷᠤᠯᠭ᠎ᠠ ᠵᠢᠭᠠᠨ ᠬᠡᠷᠡᠭᠯᠡᠬᠦ ᠶᠢ ᠠᠭᠢᠭᠤᠯᠵᠤ᠂ ᠵᠢᠭᠠᠨᠰ ᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
Original Literature No Original Paper
出自 内蒙古师范大学学报(自然科学蒙古文版) 2014年 第2期

联系我们


内蒙古大学图书馆
呼和浩特市大学西路235号
中国·内蒙古
P: (0471) 4992561
E: huangfeilong@imu.edu.cn