Paper Information


Title ᠴᠢᠩ ᠤᠯᠤᠰ ᠤᠨ ᠴᠡᠷᠢᠭ ᠪᠤᠭᠤᠮᠲᠠ ᠣᠷᠤᠬᠤ ᠠᠴᠠ ᠡᠮᠦᠨᠡᠬᠢ ᠳᠤᠮᠳᠠᠳᠤ ᠤᠯᠤᠰ ᠤᠨ ᠤᠯᠤᠰ ᠲᠦᠷᠦ ᠶᠢᠨ ᠪᠠᠢ᠌ᠳᠠᠯ ᠪᠤᠯᠤᠨ ᠲᠡᠭᠦᠨ ᠦ ᠬᠦᠭ᠍ᠵᠢᠯᠲᠡ ᠬᠤᠪᠢᠷᠠᠯᠲᠠ
Creator ᠵᠢᠨ ᠴᠢ ᠽᠦᠩ; ᠴᠢᠮᠡᠳᠳᠤᠷᠵᠢ
Keyword
Abstract ᠲᠤᠰ ᠦᠭᠦᠯᠡᠯ ᠳᠦ ᠂ ᠴᠢᠩ ᠤᠯᠤᠰ ᠤᠨ ᠴᠡᠷᠢᠭ ᠪᠤᠭᠤᠮᠲᠠ ᠳᠤ ᠣᠷᠤᠬᠤ ᠠᠴᠠ ᠡᠮᠦᠨᠡᠬᠢ ᠳᠤᠮᠳᠠᠳᠤ ᠤᠯᠤᠰ ᠤᠨ ᠤᠯᠤᠰ ᠲᠦᠷᠦ ᠶᠢᠨ ᠶᠡᠷᠦᠩᠬᠡᠢ ᠪᠠᠢ᠌ᠳᠠᠯ ᠪᠤᠯᠤᠨ ᠲᠡᠭᠦᠨ ᠦ ᠬᠤᠪᠢᠷᠠᠯᠲᠠ ᠬᠦᠭ᠍ᠵᠢᠯᠲᠡ ᠶᠢ ᠳ᠋ᠦᠩᠨᠡᠨ ᠦᠭᠦᠯᠡᠵᠡᠢ᠃ ᠲᠤᠬᠠᠢ ᠶᠢᠨ ᠦᠶ᠎ᠡ ᠳᠦ ᠳᠤᠮᠳᠠᠳᠤ ᠤᠯᠤᠰ ᠤᠨ ᠬᠡᠪᠴᠢᠶᠡᠨ ᠳᠦ ᠣᠷᠤᠰᠢᠵᠤ ᠪᠠᠢ᠌ᠭᠰᠠᠨ ᠳᠦᠷᠪᠡᠨ ᠲᠤᠮᠤ ᠤᠯᠤᠰ ᠲᠦᠷᠦ ᠶᠢᠨ ᠬᠦᠴᠦᠨ — ᠮᠢᠩ ᠤᠯᠤᠰ᠂ ᠤᠮᠠᠷᠠᠲᠤ ᠦᠨ ᠤᠯᠤᠰ᠂ ᠬᠤᠢ᠌ᠲᠤ ᠠᠯᠲᠠᠨ ᠤᠯᠤᠰ ᠪᠤᠯᠤᠨ ᠲᠠᠷᠢᠶᠠᠴᠢᠨ ᠤ ᠪᠤᠰᠤᠯᠭ᠎ᠠ ᠶᠢᠨ ᠴᠡᠷᠢᠭ ᠦᠨ ᠲᠤᠢ᠌ᠮᠤ ᠪᠠᠢ᠌ᠳᠠᠯ ᠢ ᠲᠠᠨᠢᠯᠴᠠᠭᠤᠯᠤᠭᠰᠠᠨ ᠤ ᠳᠠᠷᠠᠭ᠎ᠠ᠂ ᠮᠢᠩ ᠤᠯᠤᠰ ᠤᠨ ᠮᠣᠩ᠋ᠭᠤᠯ ᠲᠠᠢ ᠬᠤᠯᠪᠤᠭᠠᠯᠠᠵᠤ᠂ ᠮᠠᠨᠵᠤ ᠶᠢ ᠡᠰᠡᠷᠭᠦᠴᠡᠬᠦ ᠪᠤᠳᠤᠯᠭ᠎ᠠ ᠢᠯᠠᠭᠳᠠᠭᠰᠠᠨ ᠪᠠ ᠲᠠᠷᠢᠶᠠᠴᠢᠨ ᠤ ᠪᠤᠰᠤᠯᠭ᠎ᠠ ᠶᠢᠨ ᠴᠡᠷᠢᠭ ᠦᠨ ᠬᠦᠴᠦᠷᠬᠡᠭ᠍ᠵᠢᠵᠦ ᠪᠤᠵᠠᠭᠠᠢ᠌ᠷᠠᠭᠰᠠᠨ ᠶᠠᠪᠤᠳᠠᠯ ᠢ ᠦᠭᠦᠯᠡᠵᠦ᠂ ᠢᠯᠠᠩ᠋ᠭᠤᠶ᠎ᠠ ᠤᠮᠠᠷᠠᠲᠤ ᠦᠨ ᠤᠯᠤᠰ ᠤᠨ ᠮᠦᠬᠦᠭ᠍ᠰᠡᠨ ᠶᠠᠪᠤᠳᠠᠯ ᠤᠨ ᠳᠤᠮᠳᠠᠳᠤ ᠤᠯᠤᠰ ᠤᠨ ᠲᠡᠦᠬᠡᠨ ᠳᠦ ᠦᠵᠡᠭᠦᠯᠦᠭᠰᠡᠨ ᠨᠦᠯᠦᠭᠡ ᠶᠢ ᠴᠢᠬᠤᠯᠠᠴᠢᠯᠠᠨ ᠳᠤᠷᠠᠳᠤᠭᠠᠳ᠂ ᠲᠠᠷᠢᠶᠠᠴᠢᠨ ᠤ ᠪᠤᠰᠤᠯᠭ᠎ᠠ ᠶᠢᠨ ᠴᠡᠷᠢᠭ ᠦᠨ ᠦᠨᠳᠦᠰᠦᠲᠡᠨ ᠦ ᠠᠰᠠᠭᠤᠳᠠᠯ ᠳᠡᠭᠡᠷ᠎ᠡ ᠭᠠᠷᠭᠠᠭᠰᠠᠨ ᠠᠯᠳᠠᠭᠳᠠᠯ ᠣᠰᠤᠯᠳᠤᠯ ᠢ ᠲᠡᠮᠳᠡᠭᠯᠡᠬᠦ ᠪᠡᠷ ᠳᠠᠮᠵᠢᠨ᠂ ᠲᠠᠷᠢᠶᠠᠴᠢᠨ ᠤ ᠪᠤᠰᠤᠯᠭ᠎ᠠ ᠶᠢᠨ ᠴᠡᠷᠢᠭ ᠦᠨ ᠢᠯᠠᠭᠳᠠᠯ ᠬᠢᠭᠡᠳ ᠴᠢᠩ ᠤᠯᠤᠰ ᠤᠨ ᠴᠡᠷᠢᠭ ᠦᠨ ᠪᠤᠭᠤᠮᠲᠠ ᠳᠤ ᠣᠷᠤᠭᠰᠠᠨ ᠤᠴᠢᠷ ᠤᠨ ᠰᠤᠷᠭᠠᠮᠵᠢ ᠬᠦᠲᠡᠭᠡᠮᠵᠢ ᠨᠦᠬᠦᠳ ᠢ ᠲᠤᠭᠠᠴᠢᠨ ᠲᠡᠮᠳᠡᠭᠯᠡᠭᠰᠡᠨ ᠪᠠᠢ᠌ᠨ᠎ᠠ᠃
Original Literature No Original Paper
出自 内蒙古大学学报 1995年 第2期

联系我们


内蒙古大学图书馆
呼和浩特市大学西路235号
中国·内蒙古
P: (0471) 4992561
E: huangfeilong@imu.edu.cn