| Title |
ᠮᠣᠩᠭᠤᠯ ᠬᠢᠲᠤᠭ᠎ᠠ ᠶᠢᠨ ᠡᠭᠦᠰᠦᠯ ᠬᠦᠭ᠍ᠵᠢᠯ ᠦᠨ ᠲᠤᠬᠠᠢ ᠳᠦᠭᠦᠮ ᠦᠭᠦᠯᠡᠬᠦ ᠨᠢ —— ᠡᠷᠲᠡᠨ ᠦ ᠤᠮᠠᠷᠠᠲᠤ ᠶᠢᠨ ᠨᠡᠭᠦᠳᠡᠯᠴᠢᠨ ᠰᠤᠶᠤᠯ ᠠᠴᠠ ᠮᠣᠩᠭᠤᠯ ᠬᠢᠲᠤᠭ᠎ᠠ ᠶᠢᠨ ᠡᠭᠦᠰᠦᠯ ᠪᠡ ᠬᠦᠭ᠍ᠵᠢᠯᠲᠡ ᠶᠢᠨ ᠬᠠᠢ᠌ᠨ ᠰᠢᠨᠵᠢᠬᠦ ᠨᠢ |
| Creator |
ᠦᠰᠦᠷᠦᠩᠭᠦᠢ |
| Keyword |
ᠨᠡᠭᠦᠳᠡᠯ ᠰᠤᠶᠤᠯ; ᠮᠣᠩᠭᠤᠯ ᠬᠢᠲᠤᠭ᠎ᠠ; ᠡᠭᠦᠰᠦᠯ ᠬᠦᠭ᠍ᠵᠢᠯ |
| Abstract |
ᠮᠣᠩᠭᠤᠯ ᠦᠨᠳᠦᠰᠦᠲᠡᠨ ᠮᠠᠨᠢ ᠬᠦᠮᠦᠨ ᠲᠦᠷᠦᠯᠬᠢᠲᠡᠨ ᠦ ᠲᠡᠦᠬᠡᠨ ᠳᠡᠭᠡᠷ᠎ᠡ ᠠᠭᠤᠤ ᠶᠡᠬᠡ ᠭᠢᠯᠠᠯᠵᠠᠭᠰᠠᠨ ᠪᠦᠲᠦᠭᠡᠯ ᠢ ᠡᠭᠦᠳᠦᠭᠰᠡᠨ ᠦ ᠬᠠᠮᠲᠤ ᠲᠠᠯ᠎ᠠ ᠨᠤᠲᠤᠭ ᠤᠨ ᠪᠤᠯᠪᠠᠰᠤᠨ ᠰᠤᠶᠤᠯ ᠢ ᠴᠤᠭᠴᠠᠯᠠᠨ ᠪᠠᠢ᠌ᠢᠭᠤᠯᠵᠤ᠂ ᠵᠠᠯᠭᠠᠮᠵᠢᠯᠠᠨ ᠬᠦᠭ᠍ᠵᠢᠭᠦᠯᠦᠭᠰᠡᠨ ᠪᠢᠯᠡ᠃ ᠮᠣᠩᠭᠤᠯ ᠬᠢᠲᠤᠭ᠎ᠠ ᠪᠤᠯ ᠲᠠᠯ᠎ᠠ ᠨᠤᠲᠤᠭ ᠤᠨ ᠰᠤᠶᠤᠯ ᠤᠨ ᠪᠤᠯᠪᠠᠰᠤᠨ ᠤ ᠳᠤᠮᠳᠠᠬᠢ ᠨᠢᠭᠡᠨ ᠡᠭᠦᠳᠦᠨ ᠪᠦᠲᠦᠭᠡᠯᠲᠡ ᠮᠦᠷᠲᠡᠭᠡᠨ ᠭᠡᠷᠡᠯᠲᠦ ᠰᠤᠪᠤᠳ ᠪᠤᠯᠤᠨ᠎ᠠ᠃ ᠲᠤᠰ ᠵᠤᠬᠢᠶᠠᠯ ᠳᠤ ᠮᠣᠩᠭᠤᠯ ᠬᠢᠲᠤᠭ᠎ᠠ ᠪᠠ ᠬᠢᠲᠤᠭᠠᠨ ᠤ ᠵᠠᠰᠠᠯ ᠵᠢᠮᠰᠡᠭ ᠢᠶᠡᠷ ᠰᠦᠪᠡᠭ᠍ᠴᠢ ᠪᠤᠯᠭᠠᠵᠤ᠂ ᠳᠤᠮᠳᠠᠳᠤ ᠤᠯᠤᠰ ᠤᠨ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠦ ᠲᠡᠦᠬᠡ ᠰᠤᠶᠤᠯ ᠤᠨ ᠲᠠᠯ᠎ᠠ ᠠᠴᠠ ᠮᠣᠩᠭᠤᠯ ᠬᠢᠲᠤᠭ᠎ᠠ ᠶᠢᠨ ᠡᠭᠦᠰᠦᠯ᠂ ᠬᠦᠭ᠍ᠵᠢᠯᠲᠡ ᠵᠢᠴᠢ ᠭᠠᠷ ᠤᠷᠠᠯᠠᠯ ᠤᠨ ᠪᠦᠲᠦᠴᠡ ᠶᠢᠨ ᠣᠨᠴᠠᠯᠢᠭ ᠢ ᠲᠠᠢ᠌ᠢᠯᠪᠤᠷᠢᠯᠠᠨ ᠵᠠᠳᠠᠯᠬᠤ ᠪᠤᠯᠤᠨ᠎ᠠ᠃ |
| Original Literature |
View Original Paper
|
| 出自 |
中国蒙古学
2013年
第3期
|