Title |
ᠨᠠᠢᠷᠠᠭᠤᠯᠤᠨ ᠬᠡᠪᠯᠡᠭᠦᠯᠬᠦ ᠤᠬᠠᠭᠠᠨ ᠤ ᠰᠤᠷᠭᠠᠨ ᠬᠦᠮᠦᠵᠢᠯ ᠦᠨ ᠬᠦᠭᠵᠢᠯᠲᠡ ᠶᠢᠨ ᠲᠤᠬᠠᠢ ᠪᠤᠳᠤᠯᠬᠢᠯᠠᠯ |
Creator |
ᠴᠢᠩ ᠯᠦᠩ |
Keyword |
ᠨᠠᠢᠷᠠᠭᠤᠯᠤᠨ ᠬᠡᠪᠯᠡᠭᠦᠯᠬᠦ ᠤᠬᠠᠭᠠᠨ; ᠰᠤᠷᠭᠠᠨ ᠬᠦᠮᠦᠵᠢᠯ; ᠬᠦᠭᠵᠢᠭᠦᠯᠬᠦ ᠠᠷᠭ᠎ᠠ ᠪᠤᠳᠤᠯᠭ᠎ᠠ |
Abstract |
ᠨᠠᠢᠷᠠᠭᠤᠯᠤᠨ ᠬᠡᠪᠯᠡᠭᠦᠯᠬᠦ ᠤᠬᠠᠭᠠᠨ ᠤ ᠰᠤᠷᠭᠠᠨ ᠬᠦᠮᠦᠵᠢᠯ ᠪᠤᠯ 20 ᠳᠤᠭᠠᠷ ᠵᠠᠭᠤᠨ ᠤ ᠨᠠᠶᠠᠭᠠᠳ ᠣᠨ ᠤ ᠦᠶ᠎ᠡ ᠪᠡᠷ ᠪᠤᠢ ᠪᠤᠯᠵᠤ ᠬᠦᠭᠵᠢᠭᠰᠡᠨ ᠰᠢᠨᠵᠢᠯᠡᠭᠡᠨ ᠦ ᠰᠠᠯᠠᠭ᠎ᠠ ᠪᠤᠯᠤᠨ᠎ᠠ᠃ ᠲᠤᠰ ᠰᠢᠨᠵᠢᠯᠡᠭᠡᠨ ᠦ ᠰᠠᠯᠠᠭ᠎ᠠ ᠶᠢᠨ ᠰᠢᠰᠲ᠋ᠧᠮ ᠢ ᠬᠡᠷᠬᠢᠨ ᠣᠳᠤᠬᠠᠨ ᠤ ᠨᠡᠢᠭᠡᠮ ᠦᠨ ᠬᠡᠷᠡᠭᠴᠡᠭᠡ ᠳᠦ ᠵᠤᠬᠢᠴᠠᠭᠤᠯᠤᠨ ᠬᠦᠭᠵᠢᠭᠦᠯᠬᠦ ᠳᠦ ᠳᠤᠤᠷᠠᠬᠢ ᠬᠡᠳᠦᠨ ᠲᠠᠯ᠎ᠠ ᠪᠠᠷ ᠭᠦᠢᠴᠡᠳᠭᠡᠪᠡᠰᠦ ᠵᠤᠬᠢᠨ᠎ᠠ᠃ ᠨᠢᠭᠡ ᠳᠦ᠂ ᠮᠠᠨ ᠤ ᠤᠯᠤᠰ ᠤᠨ ᠨᠠᠢᠷᠠᠭᠤᠯᠤᠨ ᠬᠡᠪᠯᠡᠭᠦᠯᠬᠦ ᠤᠬᠠᠭᠠᠨ ᠤ ᠰᠤᠷᠭᠠᠨ ᠬᠦᠮᠦᠵᠢᠯ ᠦᠨ 20 ᠵᠢᠯ ᠦᠨ ᠲᠤᠷᠰᠢᠬᠢ ᠬᠦᠭᠵᠢᠯ ᠦᠨ ᠶᠠᠪᠤᠴᠠ ᠶᠢ ᠬᠤᠷᠢᠶᠠᠩᠭᠤᠢ ᠣᠢᠯᠠᠭᠠᠬᠤ ᠪᠠᠷ ᠳᠠᠮᠵᠢᠵᠤ ᠨᠠᠢᠷᠠᠭᠤᠯᠤᠨ ᠬᠡᠪᠯᠡᠭᠦᠯᠬᠦ ᠤᠬᠠᠭᠠᠨ ᠢ ᠬᠤᠢᠰᠢᠲᠠ ᠬᠡᠷᠬᠢᠨ ᠬᠦᠭᠵᠢᠭᠦᠯᠬᠦ ᠬᠠᠨᠳᠤᠰᠢ ᠪᠠᠢᠳᠠᠯ ᠢ ᠡᠵᠡᠮᠰᠢᠬᠦ᠃ ᠬᠤᠶᠠᠷ ᠲᠤ᠂ ᠣᠳᠤᠬᠠᠨ ᠤ ᠨᠤᠮ ᠪᠢᠴᠢᠭ ᠦᠨ ᠠᠭᠤᠯᠭ᠎ᠠ ᠶᠢᠨ ᠣᠯᠠᠨ ᠶᠠᠩᠵᠤᠵᠢᠭᠤᠯᠤᠯᠲᠠ᠂ ᠬᠡᠪᠯᠡᠯ ᠦᠨ ᠠᠵᠤ ᠦᠢᠯᠡᠳᠪᠦᠷᠢ ᠶᠢᠨ ᠦᠳᠳᠡᠷ ᠲᠦᠷᠭᠡᠨ ᠬᠦᠭᠵᠢᠯᠲᠡ ᠨᠢ ᠨᠠᠢᠷᠠᠭᠤᠯᠤᠨ ᠬᠡᠪᠯᠡᠭᠦᠯᠬᠦ ᠤᠬᠠᠭᠠᠨ ᠤ ᠰᠤᠷᠭᠠᠨ ᠬᠦᠮᠦᠵᠢᠯ ᠳᠦ ᠨᠡᠢᠯᠡᠭ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠬᠦ ᠰᠢᠨ᠎ᠡ ᠱᠠᠭᠠᠷᠳᠠᠯᠭ᠎ᠠ ᠲᠤᠯᠭᠠᠷᠠᠵᠤ ᠪᠠᠢᠬᠤ᠃ ᠭᠤᠷᠪᠠ ᠳᠤ᠂ ᠨᠠᠢᠷᠠᠭᠤᠯᠤᠨ ᠬᠡᠪᠯᠡᠭᠦᠯᠬᠦ ᠤᠬᠠᠭᠠᠨ ᠤ ᠣᠨᠣᠯ ᠤᠨ ᠪᠦᠲᠦᠬᠡᠨ ᠪᠠᠢᠭᠤᠯᠤᠯᠲᠠ ᠶᠢ ᠰᠠᠢᠲᠤᠷ ᠬᠢᠬᠦ ᠶᠢᠨ ᠬᠠᠮᠲᠤ ᠨᠡᠩ ᠴᠢᠬᠤᠯᠠ ᠨᠢ ᠲᠤᠰᠬᠠᠢ ᠮᠡᠷᠭᠡᠵᠢᠯ ᠦᠨ ᠦᠢᠯᠡᠳᠦᠯᠭᠡ ᠶᠢ ᠴᠢᠩᠭᠠᠳᠬᠠᠵᠤ᠂ ᠣᠳᠤᠬᠠᠨ ᠤ ᠬᠡᠪᠯᠡᠯ ᠦᠨ ᠠᠵᠤ ᠦᠢᠯᠡᠳᠪᠦᠷᠢ ᠶᠢᠨ ᠬᠦᠭᠵᠢᠯᠲᠡ ᠶᠢᠨ ᠬᠡᠷᠡᠭᠴᠡᠭᠡ ᠳᠦ ᠲᠤᠬᠢᠷᠠᠬᠤ ᠨᠡᠢᠯᠡᠭ ᠬᠡᠯᠪᠡᠷᠢ ᠶᠢᠨ ᠴᠢᠳᠠᠪᠤᠲᠠᠨ ᠢ ᠬᠦᠮᠦᠵᠢᠭᠦᠯᠬᠦ᠃ ᠳᠦᠷᠪᠡ ᠳᠦ᠂ ᠨᠠᠢᠷᠠᠭᠤᠯᠤᠨ ᠬᠡᠪᠯᠡᠭᠦᠯᠬᠦ ᠰᠢᠨᠵᠢᠯᠡᠭᠡᠨ ᠦ ᠰᠠᠯᠠᠭ᠎ᠠ ᠶᠢᠨ ᠰᠢᠰᠲ᠋ᠧᠮ ᠢ ᠳᠦᠷᠢᠮᠵᠢᠭᠦᠯᠬᠦ ᠪᠡ ᠬᠡᠷᠬᠢᠨ ᠰᠠᠢᠲᠤᠷ ᠪᠦᠲᠦᠬᠡᠨ ᠪᠠᠢᠭᠤᠯᠵᠤ ᠬᠦᠭᠵᠢᠭᠦᠯᠬᠦ᠃ |
Original Literature |
No Original Paper
|
出自 |
内蒙古民族大学学报(社会科学)
2003年
第4期
|