Paper Information


Title ᠴᠦᠬᠡᠨ ᠲᠤᠭ᠋ᠠᠲᠤ ᠦᠨᠳᠦᠰᠦᠲᠡᠨ ᠦ ᠣᠷᠤᠨ ᠤ ᠰᠤᠳᠤᠯᠤᠨ ᠰᠤᠷᠤᠭᠴᠢ ᠶᠢᠨ ᠰᠤᠷᠭ᠋ᠠᠨ ᠬᠦᠮᠦᠵᠢᠯ ᠢ ᠬᠦᠭᠵᠢᠭᠦᠯᠬᠦ ᠲᠤᠬᠠᠢ
Creator ᠾᠧ ᠴᠠᠩ ᠯᠢᠨ
Keyword ᠴᠦᠬᠡᠨ ᠲᠤᠭ᠋ᠠᠲᠤ ᠦᠨᠳᠦᠰᠦᠲᠡᠨ ᠦ ᠣᠷᠤᠨ; ᠰᠤᠳᠤᠯᠤᠨ ᠰᠤᠷᠤᠭᠴᠢ ᠶᠢᠨ ᠰᠤᠷᠭ᠋ᠠᠨ ᠬᠦᠮᠦᠵᠢᠯ; ᠬᠦᠭᠵᠢᠭᠦᠯᠬᠦ
Abstract ᠲᠤᠰ ᠦᠭᠦᠯᠡᠯ ᠳᠦ ᠂ ᠰᠤᠳᠤᠯᠤᠨ ᠰᠤᠷᠤᠭᠴᠢ ᠶᠢᠨ ᠰᠤᠷᠭ᠋ᠠᠨ ᠬᠦᠮᠦᠵᠢᠯ ᠢ ᠬᠦᠭᠵᠢᠭᠦᠯᠬᠦ ᠪᠤᠯ ᠴᠦᠬᠡᠨ ᠲᠤᠭ᠋ᠠᠲᠤ ᠦᠨᠳᠦᠰᠦᠲᠡᠨ ᠦ ᠣᠷᠤᠨ ᠤ ᠠᠵᠤ ᠠᠬᠤᠢ᠂ ᠰᠢᠨᠵᠢᠯᠡᠬᠦ ᠤᠬᠠᠭ᠋ᠠᠨ᠂ ᠤᠳᠬ᠎ᠠ ᠰᠤᠶᠤᠯ ᠤᠨ ᠬᠦᠭᠵᠢᠯᠲᠡ ᠶᠢᠨ ᠲᠡᠷᠢᠭᠦᠨ ᠴᠢᠬᠤᠯᠠ ᠠᠰᠠᠭ᠋ᠤᠳᠠᠯ ᠮᠦᠨ᠃ ᠴᠦᠬᠡᠨ ᠲᠤᠭ᠋ᠠᠲᠤ ᠦᠨᠳᠦᠰᠦᠲᠡᠨ ᠦ ᠣᠷᠤᠨ ᠤ ᠰᠤᠳᠤᠯᠤᠨ ᠰᠤᠷᠤᠭᠴᠢ ᠶᠢᠨ ᠰᠤᠷᠭ᠋ᠠᠨ ᠬᠦᠮᠦᠵᠢᠯ ᠢ ᠬᠦᠭᠵᠢᠭᠦᠯᠬᠦ ᠳᠦ ᠦᠵᠡᠯ ᠰᠠᠨ᠋ᠠᠭ᠎ᠠ ᠪᠠᠨ ᠴᠢᠯᠦᠭᠡᠯᠡᠵᠦ᠂ ᠣᠢᠯᠠᠭ᠋ᠠᠭᠳᠠᠬᠤᠨ ᠢᠶᠠᠨ ᠰᠢᠨ᠋ᠡᠳᠭᠡᠬᠦ ᠪᠤᠯ ᠵᠠᠩᠭᠢᠯᠠᠭ᠎ᠠ; ᠰᠤᠷᠭ᠋ᠠᠨ ᠬᠦᠮᠦᠵᠢᠯ ᠦᠨ ᠬᠠᠮᠢᠶᠠᠷᠤᠯᠲᠠ ᠶᠢᠨ ᠲᠤᠭᠲᠠᠴᠠ ᠶᠢ ᠦᠭᠡᠷᠡᠴᠢᠯᠡᠵᠦ᠂ ᠪᠡᠶ᠎ᠡ ᠪᠡᠨ ᠳᠠᠭ᠋ᠠᠭ᠋ᠠᠨ ᠰᠤᠷᠭ᠋ᠠᠭ᠋ᠤᠯᠢ ᠡᠷᠬᠢᠯᠡᠬᠦ᠂ ᠡᠷᠬᠡ ᠮᠡᠳᠡᠯ ᠢ ᠦᠷᠭᠡᠳᠭᠡᠬᠦ ᠪᠤᠯ ᠨᠦᠬᠦᠴᠡᠯ; ᠲᠦᠷᠦ ᠶᠢᠨ ᠪᠤᠳᠤᠯᠭ᠎ᠠ ᠪᠠ ᠪᠡᠯᠡ ᠣᠷᠤᠭ᠋ᠤᠯᠤᠯᠲᠠ ᠶᠢᠨ ᠲᠠᠯ᠎ᠠ ᠪᠠᠷ ᠵᠤᠬᠢᠰᠲᠠᠢ ᠲᠤᠬᠢᠷᠠᠭ᠋ᠤᠯᠬᠤ ᠪᠤᠯ ᠪᠠᠲᠤᠯᠠᠭ᠎ᠠ; ᠲᠤᠰᠬᠠᠢ ᠮᠡᠷᠭᠡᠵᠢᠯ ᠦᠨ ᠴᠢᠭᠯᠡᠯ ᠢ ᠨᠡᠮᠡᠭᠳᠡᠭᠦᠯᠵᠦ᠂ ᠬᠦᠷᠢᠶ᠎ᠡ ᠶᠢ ᠨᠢ ᠦᠷᠭᠡᠳᠭᠡᠵᠦ᠂ ᠰᠢᠨᠵᠢᠯᠡᠭᠡᠨ ᠦ ᠲᠤᠰᠬᠠᠢ ᠮᠡᠷᠭᠡᠵᠢᠯ ᠦᠨ ᠴᠡᠭ ᠦᠨ ᠦᠢᠯᠡᠳᠦᠯ ᠢ ᠪᠠᠳᠠᠷᠠᠭ᠋ᠤᠯᠬᠤ; ᠪᠤᠳᠠᠲᠤ ᠱᠠᠭ᠋ᠠᠷᠳᠠᠯᠭ᠎ᠠ ᠪᠠᠨ ᠦᠨᠳᠦᠰᠦᠯᠡᠵᠦ᠂ ᠣᠯᠠᠨ ᠳᠡᠰ ᠦᠨ ᠠᠳᠠᠯᠢ ᠪᠤᠰᠤ ᠬᠡᠷᠡᠭᠴᠡᠭᠡᠨ ᠦ ᠴᠢᠳᠠᠪᠤᠷᠢᠲᠠᠨ ᠢ ᠬᠦᠮᠦᠵᠢᠭᠦᠯᠬᠦ ᠬᠡᠷᠡᠭᠲᠡᠢ ᠭᠡᠵᠦ ᠦᠵᠡᠭᠰᠡᠨ ᠪᠠᠢᠨ᠎ᠠ᠃
Original Literature No Original Paper
出自 内蒙古民族大学学报(社会科学) 2001年 第3期

联系我们


内蒙古大学图书馆
呼和浩特市大学西路235号
中国·内蒙古
P: (0471) 4992561
E: huangfeilong@imu.edu.cn