Paper Information


Title ᠬᠦᠷᠢᠶ᠎ᠡ ᠬᠤᠰᠢᠭᠤᠨ ᠤ ᠭᠠᠵᠠᠷ ᠰᠢᠷᠦᠢ ᠶᠢᠨ ᠠᠰᠢᠭᠯᠠᠯᠲᠠ ᠶᠢᠨ ᠬᠤᠪᠢᠷᠠᠯᠲᠠ ᠶᠢ ᠠᠯᠤᠰ ᠰᠡᠷᠡᠯ ᠢᠶᠡᠷ ᠬᠠᠢᠨ ᠪᠠᠢᠴᠠᠭᠠᠭᠰᠠᠨ ᠰᠤᠳᠤᠯᠤᠯᠲᠠ
Creator ᠰᠢᠦᠢ ᠵᠢᠨ ᠼᠠᠢ
Keyword ᠬᠦᠷᠢᠶ ᠡ ᠬᠤᠰᠢᠭᠤ; ᠭᠠᠵᠠᠷ ᠰᠢᠷᠦᠢ ᠶᠢᠨ ᠠᠰᠢᠭᠯᠠᠯᠲᠠ ᠶᠢᠨ ᠬᠤᠪᠢᠷᠠᠯᠲᠠ; ᠠᠯᠤᠰ ᠰᠡᠷᠡᠯ
Abstract ᠭᠠᠵᠠᠷ ᠰᠢᠷᠦᠢ ᠪᠤᠯ ᠬᠦᠮᠦᠨ ᠲᠦᠷᠦᠯᠬᠢᠲᠡᠨ ᠦ ᠣᠷᠤᠰᠢᠨ ᠲᠤᠭᠲᠠᠨᠢᠬᠤ ᠪᠠ ᠬᠦᠭᠵᠢᠯᠲᠡ ᠶᠢᠨ ᠪᠤᠳᠠᠰ ᠤᠨ ᠰᠠᠭᠤᠷᠢ ᠮᠦᠷᠲᠡᠭᠡᠨ ᠤᠯᠤᠰ ᠪᠠᠢᠭᠤᠯᠬᠤ ᠶᠢᠨ ᠦᠨᠳᠦᠰᠦᠨ ᠡᠯᠧᠮᠧᠨ᠋ᠲ ᠤᠨ ᠨᠢᠭᠡ ᠨᠢ ᠮᠦᠨ᠃ ᠦᠨᠡᠨ ᠪᠤᠳᠠᠲᠠᠢ ᠭᠠᠵᠠᠷ ᠰᠢᠷᠦᠢ ᠶᠢᠨ ᠪᠠᠢᠴᠠᠭᠠᠯᠲᠠ ᠶᠢᠨ ᠲᠤᠭ᠎ᠠ ᠪᠠᠷᠢᠮᠲᠠ ᠨᠢ ᠤᠯᠤᠰ ᠠᠷᠠᠳ ᠤᠨ ᠠᠵᠤ ᠠᠬᠤᠢ ᠶᠢᠨ ᠪᠦᠲᠦᠬᠡᠨ ᠪᠠᠢᠭᠤᠯᠤᠯᠲᠠ ᠪᠠ ᠨᠡᠢᠭᠡᠮ ᠦᠨ ᠬᠦᠭᠵᠢᠯᠲᠡ ᠶᠢᠨ ᠴᠢᠬᠤᠯᠠ ᠰᠠᠭᠤᠷᠢ ᠪᠤᠯᠬᠤ ᠪᠦᠭᠡᠳ ᠭᠠᠵᠠᠷ ᠰᠢᠷᠦᠢ ᠶᠢᠨ ᠬᠠᠮᠢᠶᠠᠷᠤᠯᠲᠠ ᠶᠢᠨ ᠠᠵᠢᠯ ᠤᠨ ᠴᠢᠬᠤᠯᠠ ᠡᠰᠢ ᠪᠠᠷᠢᠮᠲᠠ ᠪᠤᠯᠤᠨ᠎ᠠ᠃ ᠲᠤᠰ ᠦᠭᠦᠯᠡᠯ ᠳᠦ᠂ ᠬᠦᠷᠢᠶ᠎ᠡ ᠬᠤᠰᠢᠭᠤᠨ ᠤ 1994 ᠣᠨ ᠪᠠ 2008 ᠣᠨ ᠤ ᠭᠠᠵᠠᠷ ᠰᠢᠷᠦᠢ ᠶᠢᠨ ᠠᠰᠢᠭᠯᠠᠯᠲᠠ ᠶᠢᠨ ᠲᠤᠭ᠎ᠠ ᠪᠠᠷᠢᠮᠲᠠ ᠶᠢ ᠠᠰᠢᠭᠯᠠᠨ᠂ ᠲᠤᠬᠠᠢ ᠶᠢᠨ ᠭᠠᠵᠠᠷ ᠲᠤᠨᠢ ᠪᠠᠢᠴᠠᠭᠠᠯᠲᠠ ᠬᠢᠬᠦ ᠠᠷᠭ᠎ᠠ ᠲᠠᠢ ᠤᠶᠠᠯᠳᠤᠭᠤᠯᠤᠨ ᠲᠠᠢᠯᠪᠤᠷᠢ ᠲᠡᠮᠳᠡᠭ ᠢ ᠲᠤᠭᠲᠠᠭᠠᠵᠤ᠂ MAPGIS6.7᠋ ᠢᠶᠠᠷ ᠲᠤᠭᠠᠴᠢᠯᠠᠵᠤ᠂ ᠣᠷᠤᠨ ᠵᠠᠢ ᠶᠢᠨ ᠵᠠᠳᠠᠯᠤᠯᠲᠠ ᠪᠠ ᠲᠤᠭ᠎ᠠ ᠪᠠᠷᠢᠮᠲᠠ ᠶᠢ ᠪᠦᠷᠢᠳᠭᠡᠬᠦ ᠶᠢᠨ ᠠᠯᠬᠤᠮ ᠢᠶᠠᠷ᠂ 1994 ~ 2008 ᠣᠨ ᠤ ᠬᠤᠭᠤᠷᠤᠨᠳᠤᠬᠢ ᠬᠦᠷᠢᠶ᠎ᠡ ᠬᠤᠰᠢᠭᠤᠨ ᠤ ᠭᠠᠵᠠᠷ ᠰᠢᠷᠦᠢ ᠶᠢᠨ ᠠᠰᠢᠭᠯᠠᠯᠲᠠ ᠶᠢᠨ ᠪᠠᠢᠳᠠᠯ ᠤᠨ ᠬᠤᠪᠢᠷᠠᠯᠲᠠ ᠳᠤ ᠰᠤᠳᠤᠯᠤᠯᠲᠠ ᠬᠢᠵᠦ᠂ ᠲᠤᠰ ᠬᠤᠰᠢᠭᠤᠨ ᠤ ᠭᠠᠵᠠᠷ ᠰᠢᠷᠦᠢ ᠶᠢᠨ ᠡᠬᠢ ᠪᠠᠶᠠᠯᠢᠭ ᠢ ᠵᠤᠬᠢᠰᠲᠠᠢ ᠠᠰᠢᠭᠯᠠᠬᠤ ᠲᠤᠬᠠᠢ ᠰᠠᠨᠠᠭᠤᠯᠭ᠎ᠠ ᠪᠠᠨ ᠳᠤᠷᠠᠳᠤᠭᠰᠠᠨ ᠪᠠᠢᠨ᠎ᠠ᠃
Original Literature No Original Paper
出自 内蒙古师范大学学报(自然科学蒙古文版) 2013年 第2期

联系我们


内蒙古大学图书馆
呼和浩特市大学西路235号
中国·内蒙古
P: (0471) 4992561
E: huangfeilong@imu.edu.cn