Title |
ᠴᠢᠩ ᠤᠯᠤᠰ ᠡᠴᠡ ᠮᠣᠩᠭᠤᠯ ᠳ᠋ᠤ ᠠᠪᠤᠭᠰᠠᠨ ᠲᠦᠷᠦ ᠶᠢᠨ ᠪᠣᠳᠤᠯᠭ᠎ᠠ ᠪᠠᠨ ᠬᠤᠪᠢᠷᠠᠭᠤᠯᠤᠭᠰᠠᠨ ᠰᠢᠯᠲᠠᠭᠠᠨ ᠤ ᠲᠣᠬᠠᠢ ᠲᠠᠬᠢᠨ ᠦᠭᠦᠯᠡᠬᠦ ᠨᠢ |
Creator |
ᠪᠠᠨᠽᠷ |
Keyword |
ᠴᠢᠩ ᠤᠯᠤᠰ; ᠮᠣᠩᠭᠤᠯ᠂ ᠲᠦᠷᠦ ᠶᠢᠨ ᠪᠣᠳᠤᠯᠭ᠎ᠠ;ᠬᠤᠪᠢᠷᠠᠯᠲᠠ; ᠰᠢᠯᠲᠠᠭᠠᠨ |
Abstract |
ᠴᠢᠩ ᠤᠯᠤᠰ ᠤᠨ ᠡᠬᠢᠨ ᠤ ᠦᠶ ᠠ ᠶᠢᠨ ᠮᠣᠩᠭᠤᠯ ᠳ᠋ᠤ ᠠᠪᠤᠭᠰᠠᠨ ᠲᠦᠷᠦ ᠶᠢᠨ ᠪᠤᠳᠤᠯᠭ᠎ᠠ ᠨᠢ ᠪᠣᠯ ᠡᠯ ᠠ ᠵᠦᠢᠯ ᠤᠨ ᠬᠤᠷᠢᠭ᠎ᠠ ᠴᠠᠭᠠᠵᠠ ᠶᠢᠨ ᠲᠦᠷᠦ ᠶᠢᠨ ᠪᠣᠳᠤᠯᠭ᠎ᠠ ᠵᠢ ᠭᠡᠷᠡᠭᠵᠢᠬᠦᠯᠵᠦ ᠮᠣᠩᠭᠤᠯ ᠤᠷᠤᠨ ᠢ ᠪᠢᠲᠡᠭᠦᠮᠵᠢᠯᠡᠨ ᠬᠢᠵᠠᠭᠠᠷᠯᠠᠬᠤ ᠪᠣᠳᠤᠯᠭ᠎ᠠ ᠪᠠᠢᠵᠠᠢ᠃ ᠭᠡᠪᠡᠴᠦ ᠬᠤᠷᠢᠳᠤᠭᠠᠷ ᠵᠠᠭᠤᠨ ᠤ ᠡᠬᠢᠨ ᠳ᠋ᠤ ᠬᠦᠷᠦᠭᠡᠳ ᠴᠢᠩ ᠤᠯᠤᠰ ᠤᠨ ᠵᠠᠰᠠᠭ ᠤᠨ ᠭᠠᠵᠠᠷ ᠨᠢ ᠤᠯᠤᠰ ᠤᠨ ᠲᠤᠲᠤᠭᠠᠲᠤ ᠭᠠᠳᠠᠭᠠᠲᠤ ᠶᠢᠨ ᠰᠢᠨ᠎ᠠ ᠪᠠᠢᠳᠠᠯ ᠳ᠋ᠤ ᠲᠣᠬᠢᠷᠠᠭᠤᠯᠤᠨ ᠮᠣᠩᠭᠤᠯ ᠳ᠋ᠤ ᠠᠪᠬᠤ ᠲᠦᠷᠦ ᠶᠢᠨ ᠪᠤᠳᠤᠯᠭ᠎ᠠ ᠳᠠᠭᠠᠨ ᠴᠢᠬᠤᠯᠠ ᠶᠡᠬᠡ ᠦᠭᠡᠷᠡᠴᠢᠯᠠᠯᠲᠠ ᠬᠢᠵᠦ᠂ 《ᠰᠢᠨ᠎ᠠ ᠵᠠᠰᠠᠭ》ᠭᠡᠭᠴᠢᠪᠠᠨ ᠭᠡᠷᠡᠭᠵᠢᠬᠦᠯᠪᠡ᠃ ᠡᠨᠡ ᠨᠢ ᠴᠢᠩ ᠤᠯᠤᠰ ᠤᠨ ᠮᠣᠩᠭᠤᠯ ᠳ᠋ᠤ ᠠᠪᠤᠭᠰᠠᠨ ᠲᠦᠷᠦ ᠶᠢᠨ ᠪᠤᠳᠤᠯᠭ᠎ᠠ ᠶᠢᠨ ᠭᠤᠤᠯ ᠠᠭᠤᠯᠭ᠎ᠠ ᠨᠢ ᠲᠠᠷᠤᠢ ᠮᠣᠩᠭᠤᠯ ᠤᠷᠤᠨ ᠢ ᠨᠡᠭᠡᠭᠡᠨ᠂ ᠮᠣᠩᠭᠤᠯ ᠤᠨ ᠭᠠᠵᠠᠷ ᠢ ᠲᠠᠯᠪᠢᠵᠤ᠂ ᠠᠲᠠᠷ ᠬᠠᠭᠠᠯᠪᠤᠷᠢᠯᠠᠨ ᠠᠰᠢᠭ ᠬᠤᠨᠵᠢᠶ ᠠ ᠤᠯᠤᠭᠰᠠᠨ ᠶᠠᠪᠤᠳᠠᠯ ᠪᠤᠯᠤᠨ᠎ᠠ᠃ᠡᠨᠡᠬᠦ ᠲᠦᠷᠦ ᠶᠢᠨ ᠪᠤᠳᠤᠯᠭ᠎ᠠ ᠨᠢ ᠦᠪᠦᠷ ᠮᠣᠩᠭᠤᠯ ᠤᠨ ᠤᠢᠷ ᠠ ᠦᠶ᠎ᠠ ᠶᠢᠨ ᠲᠡᠦᠬᠡᠨ ᠲᠡᠭᠡᠷᠡᠬᠢ ᠨᠢᠭᠡᠨ ᠴᠢᠬᠤᠯᠠ ᠶᠡᠬᠡ ᠶᠠᠪᠤᠳᠠᠯ ᠪᠤᠯᠵᠤ ᠲᠦᠢᠯ ᠤᠨ ᠶᠡᠬᠡ ᠨᠦᠯᠦᠭᠡ ᠪᠠ ᠦᠷ ᠡ ᠳ᠋ᠦᠩ ᠢ ᠭᠠᠷᠭᠠᠵᠠᠢ᠃ |
Original Literature |
View Original Paper
|
出自 |
内蒙古社会科学(蒙文版)
2017年
第3期
|