Title |
ᠰᠤᠷᠭᠠᠨ ᠬᠦᠮᠦᠵᠢᠯ ᠤᠨ ᠲᠠᠳᠤᠯᠭ᠎ᠠ ᠬᠢᠬᠦ ᠳ᠋ᠦ ᠬᠤᠯᠪᠤᠭᠳᠠᠬᠤ ᠠᠰᠠᠭᠤᠳᠠᠯ ᠢ ᠦᠭᠦᠯᠡᠬᠦ ᠨᠢ |
Creator |
ᠮᠠᠨᠳᠤᠯ ᠠ |
Keyword |
ᠰᠤᠷᠭᠠᠨ ᠬᠦᠮᠦᠵᠢᠯ ᠤᠨ ᠲᠠᠳᠤᠯᠭ᠎ᠠ; ᠤᠶᠤᠲᠠᠳ ᠲᠤ ᠤᠯᠭᠤᠬᠤ ᠬᠦᠮᠦᠵᠢᠯ; ᠰᠡᠷᠡᠭᠳᠡᠭᠰᠡᠨ ᠠᠰᠠᠭᠤᠳᠠᠯ; ᠰᠢᠢᠳᠪᠦᠷᠢᠯᠡᠬᠦ ᠠᠷᠭ᠎ᠠ ᠪᠠ ᠰᠠᠨᠠᠯ |
Abstract |
ᠡᠨᠡ ᠦᠭᠦᠯᠡᠯ ᠳ᠋ᠤ ᠪᠠᠭᠰᠢ ᠶᠢᠨ ᠶᠬᠡ ᠲᠡᠭᠡᠳᠦ ᠰᠤᠷᠭᠠᠭᠤᠯᠢ ᠶᠢᠨ ᠲᠠᠳᠤᠯᠭ᠎ᠠ ᠶᠢᠨ ᠵᠢᠭᠠᠨ ᠰᠤᠷᠭᠠᠯᠲᠠ ᠶᠢᠨ ᠠᠴᠢ ᠬᠤᠯᠪᠤᠭᠳᠠᠯ᠂ ᠤᠶᠤᠲᠠᠳ ᠲᠤ ᠤᠯᠭᠤᠬᠤ ᠬᠦᠮᠦᠵᠢᠯ᠂ ᠲᠠᠳᠤᠯᠭ ᠠ ᠶᠢᠨ ᠵᠢᠭᠠᠨ ᠰᠤᠷᠭᠠᠯᠲᠠ ᠳ᠋ᠤ ᠤᠷᠤᠰᠢᠵᠤ ᠪᠠᠢᠭ᠎ᠠ ᠠᠰᠠᠭᠤᠳᠠᠯ ᠵᠢᠴᠢ ᠲᠡᠬᠦᠨ ᠢ ᠰᠢᠢᠳᠪᠦᠷᠢᠯᠡᠬᠦ ᠰᠠᠨᠠᠯ ᠵᠡᠷᠭᠡ ᠭᠡᠳᠦᠨ ᠲᠠᠯ ᠠ ᠪᠡᠷ ᠪᠣᠳᠠᠳᠠᠢ ᠦᠭᠦᠯᠡᠭᠰᠡᠨ ᠪᠠᠢᠨ᠎ᠠ᠃ ᠰᠤᠷᠭᠠᠨ ᠬᠦᠮᠦᠵᠢᠯ ᠤᠨ ᠲᠠᠳᠤᠯᠭ ᠠ ᠨᠢ ᠬᠡᠳᠦᠢᠪᠡᠷ ᠲᠦᠷᠪᠡᠨ ᠵᠢᠯ ᠤᠨ ᠤᠶᠤᠲᠠᠨ ᠤ ᠰᠤᠷᠤᠯᠭ᠎ᠠ ᠶᠢᠨ ᠬᠤᠭᠤᠴᠠᠭᠠᠨ ᠳ᠋ᠤ ᠤᠬᠤᠷᠬᠠᠨ ᠴᠠᠭ ᠢ ᠡᠵᠡᠯᠡᠳᠡᠭ ᠪᠣᠯᠪᠠᠴᠤ ᠪᠠᠭᠰᠢ ᠶᠢᠨ ᠰᠤᠷᠭᠠᠭᠤᠯᠢ ᠶᠢᠨ ᠵᠢᠭᠠᠨ ᠰᠤᠷᠭᠠᠯᠲᠠ ᠳ᠋ᠤ ᠠᠪᠴᠤ ᠬᠡᠯᠡᠪᠡᠯ ᠬᠢᠷᠢ ᠲᠡᠩᠴᠡᠭᠰᠡᠨ ᠲᠤᠮᠳᠠᠳᠤ ᠵᠡᠷᠭᠡ ᠶᠢᠨ ᠰᠤᠷᠭᠠᠨ ᠬᠦᠮᠦᠵᠢᠯ ᠤᠨ ᠱᠠᠲᠤᠨ ᠤ ᠪᠠᠭᠰᠢ ᠪᠣᠯᠵᠤ ᠴᠢᠳᠠᠬᠤ ᠡᠰᠡᠬᠦ ᠵᠢ ᠰᠢᠢᠳᠪᠦᠷᠢᠯᠡᠬᠦ ᠵᠠᠩᠭᠢᠯᠭ᠎ᠠ ᠶᠢᠨ ᠠᠰᠠᠭᠤᠳᠠᠯ ᠪᠣᠯᠤᠨ ᠠ᠃ ᠡᠢᠮᠦ ᠡᠴᠡ ᠰᠤᠷᠭᠠᠨ ᠬᠦᠮᠦᠵᠢᠯ ᠤᠨ ᠲᠠᠳᠤᠯᠭ᠎ᠠ ᠨᠢ ᠪᠠᠭᠰᠢ ᠶᠢᠨ ᠰᠤᠷᠭᠠᠭᠤᠯᠢ ᠶᠢᠨ ᠪᠦᠬᠦᠢᠯᠡ ᠵᠢᠭᠠᠨ ᠰᠤᠷᠭᠠᠯᠲᠠ ᠶᠢᠨ ᠶᠡᠷᠦᠩᠬᠡᠢ ᠰᠢᠯᠭᠠᠭᠤᠷ ᠪᠣᠯᠬᠤ ᠮᠦᠷᠲᠡᠭᠡᠨ ᠰᠤᠷᠭᠠᠭᠤᠯᠢ ᠡᠷᠬᠢᠯᠡᠭᠰᠡᠨ ᠵᠠᠷᠢᠯᠲᠠ ᠶᠢᠨ ᠬᠢᠨᠢ ᠪᠣᠲᠠᠲᠠᠢ ᠪᠡᠶᠡᠯᠡᠯ ᠪᠣᠯᠳᠠᠭ᠃ |
Original Literature |
No Original Paper
|
出自 |
内蒙古师范大学学报
2000年
第3期
|