Paper Information


Title ᠬᠠᠩᠭᠢᠨ ᠬᠤᠰᠢᠭᠤᠨ ᠤ ᠪᠢᠯᠢᠭ᠌ ᠢ ᠪᠠᠳᠠᠷᠠᠭᠤᠯᠤᠭᠴᠢ ᠰᠦᠮ᠎ᠡ ᠶᠢᠨ ᠲᠡᠦᠬᠡ ᠲᠠᠢ ᠬᠤᠯᠪᠤᠭᠳᠠᠬᠤ ᠬᠡᠳᠦᠨ ᠠᠰᠠᠭᠤᠳᠠᠯ ᠤᠨ ᠲᠤᠬᠠᠢ
Creator ᠤᠶᠠᠬᠠᠨ
Keyword ᠬᠠᠩᠭᠢᠨ ᠬᠤᠰᠢᠭᠤ; ᠪᠢᠯᠢᠭ᠌ ᠢ ᠪᠠᠳᠠᠷᠠᠭᠤᠯᠤᠭᠴᠢ ᠰᠦᠮ᠎ᠡ; ᠲᠡᠦᠬᠡ; ᠬᠡᠳᠦᠨ ᠠᠰᠠᠭᠤᠳᠠᠯ
Abstract ᠬᠠᠩᠭᠢᠨ ᠬᠤᠰᠢᠭᠤᠨ ᠤ ᠪᠢᠯᠢᠭ᠌ ᠢ ᠪᠠᠳᠠᠷᠠᠭᠤᠯᠤᠭᠴᠢ ᠰᠦᠮ᠎ᠡ ᠪᠤᠯ ᠴᠢᠩ ᠤᠯᠤᠰ ᠡᠴᠡ ᠢᠷᠭᠡᠨ ᠤᠯᠤᠰ ᠤᠨ ᠦᠶ᠎ᠡ ᠬᠦᠷᠳᠡᠯ᠎ᠡ ᠶᠡᠬᠡ ᠵᠤᠤ ᠶᠢᠨ ᠴᠢᠭᠤᠯᠭᠠᠨ ᠤ ᠤᠷᠳᠤᠰ ᠲᠤᠯᠤᠭᠠᠨ ᠬᠤᠰᠢᠭᠤᠨ ᠤ ᠨᠡᠢ᠌ᠳᠡ ᠪᠡᠷ ᠲᠠᠬᠢᠭᠰᠠᠨ ᠴᠢᠭᠤᠯᠭᠠᠨ ᠰᠦᠮ᠎ᠡ ᠪᠤᠯᠤᠨ᠎ᠠ᠃ ᠦᠭᠦᠯᠡᠯ ᠳᠤ ᠤᠳᠤ ᠪᠤᠯᠳᠠᠯ᠎ᠠ ᠦᠯᠡᠳᠡᠨ ᠪᠦᠬᠦᠢ ᠬᠠᠩᠭᠢᠨ ᠬᠤᠰᠢᠭᠤᠨ ᠤ ᠵᠠᠰᠠᠭ ᠶᠠᠮᠤᠨ ᠤ ᠲᠠᠮᠠᠭᠠᠨ ᠭᠠᠵᠠᠷ ᠤᠨ ᠮᠤᠩᠭ᠋ᠤᠯ ᠪᠢᠴᠢᠭ᠌ ᠤᠨ ᠲᠠᠩᠰᠠ ᠪᠠ ᠤᠷᠤᠨ ᠨᠤᠳᠤᠭ ᠤᠨ ᠤᠢ᠌ᠯᠠᠯᠭ᠎ᠠ᠂ ᠰᠦᠮ᠎ᠡ ᠬᠡᠢ᠌ᠳ ᠤᠨ ᠪᠠᠢ᠌ᠴᠠᠭᠠᠯᠳᠠ ᠵᠡᠷᠭᠡ ᠰᠤᠷᠪᠤᠯᠵᠢᠰ ᠲᠤ ᠲᠤᠯᠭᠠᠭᠤᠷᠢᠯᠠᠨ᠂ ᠪᠢᠯᠢᠭ᠌ ᠢ ᠪᠠᠳᠠᠷᠠᠭᠤᠯᠤᠭᠴᠢ ᠰᠦᠮ᠎ᠡ ᠡᠬᠢᠯᠡᠵᠦ ᠪᠠᠢ᠌ᠭᠤᠯᠤᠭᠳᠠᠭᠰᠠᠨ᠂ ᠬᠠᠯᠬ᠎ᠠ ᠶᠢᠨ ᠴᠢᠩ ᠰᠦᠵᠦᠭᠳᠦ ᠨᠤᠮ ᠤᠨ ᠬᠠᠨ ᠯᠤᠭ᠎ᠠ ᠶᠢᠨ ᠬᠠᠷᠢᠴᠠᠭ᠎ᠠ᠂ ᠴᠢᠭᠤᠯᠭᠠᠨ ᠰᠦᠮ᠎ᠡ ᠪᠤᠯᠤᠭᠰᠠᠨ ᠤᠴᠢᠷ ᠰᠢᠯᠳᠠᠭᠠᠨ᠂ ᠲᠡᠭᠦᠨ ᠤ ᠬᠠᠷᠢᠶᠠᠳᠤ 《 ᠵᠠᠩᠷᠢᠭ ᠤᠨ ᠭᠠᠵᠠᠷ 》ᠵᠢᠴᠢ ᠡᠵᠡᠩᠨᠡᠯᠳᠡ᠂ ᠠᠳᠠᠯᠢ ᠪᠤᠰᠤ ᠴᠠᠭ ᠦᠶ᠎ᠡ ᠶᠢᠨ ᠯᠠᠮᠠ ᠨᠠᠷ ᠤᠨ ᠲᠤᠭᠠᠨ ᠤ ᠬᠤᠪᠢᠷᠠᠯᠳᠠ ᠵᠡᠷᠭᠡ ᠠᠰᠠᠭᠤᠳᠠᠯ ᠤᠳ ᠢ ᠠᠪᠴᠤ ᠰᠢᠨᠵᠢᠯᠡᠭᠰᠡᠨ ᠪᠠᠢ᠌ᠨ᠎ᠠ᠃
Original Literature View Original Paper
出自 内蒙古社会科学(蒙文版) 2015年 第1期

联系我们


内蒙古大学图书馆
呼和浩特市大学西路235号
中国·内蒙古
P: (0471) 4992561
E: huangfeilong@imu.edu.cn