Title |
ᠱᠠᠰᠢᠨ ᠰᠤᠷᠳᠠᠬᠤᠨ ᠢ ᠢᠳᠡᠪᠬᠢᠲᠠᠢ ᠪᠡᠷ ᠭᠦᠳᠦᠯᠦᠨ ᠵᠢᠯᠤᠭᠤᠳᠴᠤ᠂ ᠨᠡᠢᠭᠡᠮ ᠵᠢᠷᠤᠮᠲᠤ ᠨᠡᠢ᠌ᠭᠡᠮ ᠯᠤᠭᠡ ᠲᠤᠬᠢᠷᠠᠯᠴᠠᠭᠤᠯᠬᠤ ᠲᠤᠬᠠᠢ ᠲᠤᠷᠰᠢᠨ ᠦᠬᠦᠯᠡᠬᠦ ᠨᠢ |
Creator |
ᠳᠡᠭᠦᠰ |
Keyword |
ᠱᠠᠰᠢᠨ ᠰᠤᠷᠳᠠᠬᠤᠨ ; ᠨᠡᠢ᠌ᠭᠡᠮ ᠵᠢᠷᠤᠮᠲᠤ ᠨᠡᠢ᠌ᠭᠡᠮ ᠯᠤᠭᠡ ᠲᠤᠬᠢᠷᠠᠯᠴᠠᠭᠤᠯᠬᠤ ; ᠱᠠᠰᠢᠨ ᠰᠤᠷᠳᠠᠬᠤᠨ ᠴᠢᠯᠦᠭᠡᠳᠡᠢ ᠪᠠᠢ᠌ᠬᠤ ᠲᠦᠷᠦ ᠶᠢᠨ ᠪᠤᠳᠤᠯᠭ᠎ᠠ; ᠬᠠᠤᠯᠢ ᠶᠤᠰᠤᠭᠠᠷ ᠬᠠᠮᠢᠶᠠᠷᠬᠤ |
Abstract |
ᠱᠠᠰᠢᠨ ᠰᠤᠷᠳᠠᠬᠤᠨ ᠢ ᠢᠳᠡᠪᠬᠢᠲᠠᠢ ᠪᠡᠷ ᠭᠦᠳᠦᠯᠦᠨ ᠵᠢᠯᠤᠭᠤᠳᠴᠤ᠂ ᠨᠡᠢ᠌ᠭᠡᠮ ᠵᠢᠷᠤᠮᠲᠤ ᠨᠡᠢ᠌ᠭᠡᠮ ᠯᠤᠭᠡ ᠲᠤᠬᠢᠷᠠᠯᠴᠠᠭᠤᠯᠬᠤ ᠪᠤᠯ ᠨᠡᠢ᠌ᠭᠡᠮ ᠵᠢᠷᠤᠮᠲᠤ ᠨᠡᠢ᠌ᠭᠡᠮ ᠡᠴᠡ ᠮᠠᠨ ᠦ ᠤᠯᠤᠰ ᠤᠨ ᠱᠠᠰᠢᠨ ᠰᠤᠷᠳᠠᠬᠤᠨ ᠳᠤ ᠳᠠᠯᠪᠢᠭᠰᠠᠨ ᠪᠤᠰᠤᠳᠴᠢ ᠱᠠᠭᠠᠷᠳᠠᠯᠭ᠎ᠠ ᠮᠦᠨ ᠂ ᠪᠠᠰᠠᠴᠤ ᠮᠠᠨ ᠦ ᠤᠯᠤᠰ ᠤᠨ ᠡᠯ ᠠ ᠱᠠᠰᠢᠨ ᠰᠤᠷᠳᠠᠬᠤᠨ ᠦ ᠳᠤᠰ ᠪᠡᠶ ᠡ ᠶᠢᠨ ᠬᠦᠭ᠍ᠵᠢᠯᠳᠡ ᠤᠨ ᠪᠤᠰᠤᠳᠴᠢ ᠱᠠᠭᠠᠷᠳᠠᠯᠭ᠎ᠠ ᠪᠤᠯᠤᠨ᠎ᠠ᠃ ᠨᠠᠮ ᠤᠨ ᠱᠠᠰᠢᠨ ᠰᠢᠳᠦᠯᠭᠡ ᠴᠢᠯᠦᠭᠡᠳᠡᠢ ᠪᠠᠢ᠌ᠬᠤ ᠲᠦᠷᠦ ᠶᠢᠨ ᠪᠤᠳᠤᠯᠭ᠎ᠠ ᠶᠢ ᠪᠦᠬᠦ ᠲᠠᠯ ᠠ ᠪᠡᠷ ᠲᠤᠤᠱᠯᠠᠭᠤᠯᠤᠨ ᠬᠡᠷᠡᠭᠵᠢᠭᠦᠯᠬᠦ ᠪᠠ ᠱᠠᠰᠢᠨ ᠰᠤᠷᠳᠠᠬᠤᠨ ᠦ ᠬᠡᠷᠡᠭ ᠤᠴᠢᠷ ᠢ ᠬᠠᠤᠯᠢ ᠶᠤᠰᠤᠭᠠᠷ ᠬᠠᠮᠢᠶᠠᠷᠬᠤ ᠶᠢ ᠴᠢᠩᠭ᠋ᠠᠳᠬᠠᠬᠤ ᠶᠢᠨ ᠵᠤᠷᠢᠯᠭ᠎ᠠ ᠨᠢ ᠱᠠᠰᠢᠨ ᠰᠤᠷᠳᠠᠬᠤᠨ ᠢ ᠢᠳᠡᠪᠬᠢᠲᠠᠢ ᠪᠡᠷ ᠭᠦᠳᠦᠯᠦᠨ ᠵᠢᠯᠤᠭᠤᠳᠴᠤ᠂ ᠨᠡᠢ᠌ᠭᠡᠮ ᠵᠢᠷᠤᠮᠲᠤ ᠨᠡᠢ᠌ᠭᠡᠮ ᠯᠤᠭᠡ ᠲᠤᠬᠢᠷᠠᠯᠴᠠᠭᠤᠯᠬᠤ ᠶᠢᠨ ᠲᠦᠯᠦᠭᠡ ᠶᠤᠮ᠃ ᠳᠡᠷᠡ ᠨᠢ ᠱᠠᠰᠢᠨ ᠰᠢᠳᠦᠭᠴᠢ ᠪᠠ ᠱᠠᠰᠢᠨ ᠦᠯᠦ ᠰᠢᠳᠦᠭᠴᠢ ᠦᠷᠭᠡᠨ ᠤᠯᠠᠨ ᠲᠦᠮᠡᠨ ᠢ ᠨᠠᠮ ᠪᠠ ᠲᠦᠷᠦ ᠶᠢᠨ ᠲᠤᠭᠤᠷᠢᠨ ᠳᠤ ᠨᠢᠭ᠌ᠳᠠ ᠪᠦᠯᠭᠦᠮᠳᠡᠭᠦᠯᠵᠦ᠂ ᠳᠡᠳᠡᠨ ᠦ ᠤᠶᠤᠨ ᠤᠬᠠᠭᠠᠨ ᠪᠠ ᠬᠦᠴᠦᠨ ᠴᠢᠳᠡᠯ ᠢ ᠴᠢᠨᠡᠭᠡᠯᠢᠭ᠌ ᠨᠠᠢ᠌ᠭᠡᠮ ᠢ ᠪᠦᠬᠦ ᠲᠠᠯ ᠠ ᠪᠡᠷ ᠪᠦᠳᠦᠭᠡᠨ ᠪᠠᠢ᠌ᠭᠤᠯᠬᠤ ᠠᠷᠭ᠎ᠠ ᠬᠡᠷᠡᠯᠳᠡ ᠶᠢᠨ ᠳᠡᠭᠡᠷ ᠠ ᠲᠦᠪᠯᠡᠷᠡᠭᠦᠯᠦᠨ ᠠᠪᠴᠢᠷᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ |
Original Literature |
View Original Paper
|
出自 |
内蒙古大学学报
2004年
第5期
|