Paper Information


Title ᠬᠦᠬᠡᠨᠡᠭᠤᠷ ᠤᠨ ᠲᠠᠮᠠᠭ᠎ᠠ ᠶᠢᠨ ᠢᠷᠦᠭᠡᠯ ᠤᠨ ᠡᠭᠦᠰᠦᠯ ᠵᠢᠴᠢ ᠲᠡᠭᠦᠨ ᠤ ᠤᠳᠬ᠎ᠠ ᠤᠴᠢᠷ ᠢ ᠰᠢᠨᠵᠢᠯᠡᠬᠦ ᠨᠢ
Creator ᠪᠠᠳᠤ
Keyword ᠬᠦᠬᠡᠨᠡᠭᠤᠷ ᠤᠨ ᠲᠠᠮᠠᠭ᠎ᠠ ᠶᠢᠨ ᠢᠷᠦᠭᠡᠯ; ᠲᠠᠮᠠᠭ᠎ᠠ ᠪᠢᠳᠡᠭᠦᠯᠡᠬᠦ; ᠵᠠᠩ ᠦᠢᠯᠡ; ᠲᠦᠷᠦ ᠭᠦᠷᠦᠨ ᠤ ᠤᠯᠠᠮᠵᠢᠯᠠᠯ ᠶᠤᠰᠤ
Abstract ᠦᠭᠦᠯᠡᠯ ᠳᠤ ᠬᠦᠬᠡᠨᠡᠭᠤᠷ ᠮᠤᠩᠭ᠋ᠤᠯᠴᠤᠳ ᠤᠨ ᠲᠤᠮᠳᠠ ᠤᠯᠠᠮᠵᠢᠯᠠᠵᠤ ᠪᠠᠢ᠌ᠭᠰᠠᠨ ᠲᠠᠮᠠᠭ᠎ᠠ ᠶᠢᠨ ᠢᠷᠦᠭᠡᠯ ᠬᠢᠭᠡᠳ《ᠲᠠᠮᠠᠭ᠎ᠠ ᠪᠢᠳᠡᠭᠦᠯᠡᠬᠦ》ᠵᠠᠩ ᠦᠢᠯᠡ ᠳᠤ ᠵᠠᠳᠠᠯᠤᠯᠳᠠ ᠬᠢᠵᠦ᠂ ᠮᠦᠨ ᠲᠠᠮᠠᠭ᠎ᠠ ᠶᠢᠨ ᠢᠷᠦᠭᠡᠯ ᠠᠭᠤᠯᠤᠭᠳᠠᠵᠤ ᠪᠠᠢ᠌ᠭ᠎ᠠ ᠮᠤᠩᠭ᠋ᠤᠯ ᠤᠨ ᠬᠠᠭᠤᠴᠢᠨ ᠲᠦᠷᠦ ᠶᠤᠰᠤᠨ ᠤ ᠤᠯᠠᠮᠵᠢᠯᠠᠯ ᠤᠨ ᠭᠦᠨ ᠶᠤᠰᠤ ᠤᠴᠢᠷ ᠢ ᠦᠭᠦᠯᠡᠵᠦ᠂ ᠲᠡᠷᠡᠴᠢᠯᠡᠨ ᠤᠢ᠌ᠷᠠᠳ ᠤᠨ ᠭᠡᠭᠡᠨ ᠭᠦᠦᠰᠢ ᠬᠠᠭᠠᠨ ᠤ ᠲᠦᠪᠡᠳ ᠲᠤ ᠲᠦᠷᠦ ᠪᠠᠷᠢᠵᠤ᠂ ᠮᠤᠩᠭ᠋ᠤᠯ ᠲᠦᠷᠦ ᠶᠢᠨ ᠤᠯᠠᠮᠵᠢᠯᠠᠯ ᠶᠤᠰᠤ ᠶᠢ ᠡᠵᠡᠡᠨ ᠴᠢᠩᠭᠢᠰ ᠬᠠᠭᠠᠨ ᠤ ᠦᠶ᠎ᠡ ᠡᠴᠡ ᠡᠳᠦᠭᠡ ᠬᠦᠷᠳᠡᠯ᠎ᠡ ᠤᠯᠠᠮᠵᠢᠯᠠᠵᠤ ᠢᠷᠡᠭᠰᠡᠨ ᠠᠯᠳᠠᠷ ᠭᠠᠪᠢᠶ᠎ᠠ ᠶᠢ ᠦᠨᠡᠯᠡᠵᠦ᠂ ᠡᠵᠡᠨ ᠪᠤᠭᠳᠠ ᠴᠢᠩᠭᠢᠰ ᠬᠠᠭᠠᠨ ᠤ ᠦᠶ᠎ᠡ ᠬᠢᠭᠡᠳ ᠲᠡᠭᠦᠨ ᠡᠴᠡ ᠲᠡᠭᠡᠳᠦ ᠦᠶ᠎ᠡ ᠪᠤᠯᠬᠤ ᠾᠦᠩᠨᠦ ᠭᠦᠷᠦᠨ ᠤ ᠦᠶ᠎ᠡ ᠡᠴᠡ ᠨᠠᠭᠠᠰᠢ᠂ ᠮᠤᠩᠭ᠋ᠤᠯᠴᠤᠳ ᠤᠨ ᠲᠠᠮᠠᠭᠠᠨ ᠤ ᠰᠤᠶᠤᠯ ᠳᠤ ᠠᠭᠤᠯᠤᠭᠳᠠᠵᠤ ᠪᠠᠢ᠌ᠭ᠎ᠠ ᠮᠤᠩᠭ᠋ᠤᠯ ᠤᠨ ᠤᠯᠠᠮᠵᠢᠯᠠᠯᠳᠤ ᠲᠦᠷᠦ ᠭᠦᠷᠦᠨ ᠤ ᠦᠵᠡᠯ ᠰᠠᠨᠠᠭ᠎ᠠ᠂ ᠬᠠᠤᠯᠢ ᠶᠤᠰᠤ᠂ ᠰᠢᠳᠦᠯᠭᠡ ᠪᠢᠰᠢᠷᠡᠯ᠂ ᠶᠤᠰᠤ ᠰᠤᠷᠳᠠᠬᠤᠨ᠂ ᠦᠵᠡᠯ ᠪᠠᠷᠢᠮᠳᠠᠯᠠᠯ ᠵᠡᠷᠭᠡ ᠶᠢ ᠮᠦᠨ ᠬᠦᠬᠡᠬᠡᠭᠤᠷ ᠮᠤᠩᠭ᠋ᠤᠯᠴᠤᠳ ᠤᠨ ᠲᠠᠮᠠᠭ᠎ᠠ ᠶᠢᠨ ᠢᠷᠦᠭᠡᠯ ᠬᠢᠭᠡᠳ ᠶᠤᠰᠤ ᠵᠠᠩᠰᠢᠯ ᠤᠨ ᠵᠢᠱᠢᠶᠡᠨ ᠲᠡᠭᠡᠷ᠎ᠧ ᠲᠡᠮᠳᠡᠭᠯᠡᠨ ᠲᠤᠳᠤᠷᠬᠠᠢ᠌ᠯᠠᠵᠤ ᠂ ᠡᠳᠦᠭᠡ ᠳᠤ ᠮᠠᠷᠳᠠᠭᠳᠠᠬᠤ ᠰᠢᠬᠠᠵᠤ ᠪᠠᠢ᠌ᠭ᠎ᠠ ᠲᠦᠷᠦ ᠶᠢᠨ ᠲᠠᠮᠠᠭ᠎ᠠ ᠶᠢᠨ ᠰᠤᠶᠤᠯ᠂ ᠵᠠᠩᠰᠢᠯ᠂ ᠶᠤᠰᠤ ᠤᠴᠢᠷ ᠢ ᠵᠤᠬᠢᠶᠠᠭᠴᠢ ᠡᠴᠡ ᠴᠢᠬᠤᠯᠠᠴᠢᠯᠠᠨ ᠦᠵᠡᠵᠦ ᠰᠤᠳᠤᠯᠵᠤ ᠰᠢᠨᠵᠢᠯᠡᠭᠰᠡᠨ ᠪᠠᠢ᠌ᠨᠠ᠎ᠠ᠃
Original Literature View Original Paper
出自 西北民族大学学报 2014年 第1期

联系我们


内蒙古大学图书馆
呼和浩特市大学西路235号
中国·内蒙古
P: (0471) 4992561
E: huangfeilong@imu.edu.cn