Abstract |
ᠨᠡᠢ᠌ᠭᠡᠮ ᠦᠨ ᠬᠠᠷᠢᠯᠴᠠᠭᠠᠨ ᠤ ᠶᠤᠰᠤᠯᠠᠯ ᠵᠢᠷᠦᠮ ᠭᠡᠵᠦ ᠬᠠᠷᠢᠯᠴᠠᠭᠠᠨ ᠤ ᠶᠠᠪᠤᠴᠠ ᠳᠠᠬᠢ ᠬᠦᠮᠦᠨ ᠦ ᠬᠤᠭᠤᠷᠤᠨᠳᠤᠬᠢ ᠬᠠᠷᠢᠯᠴᠠᠨ ᠬᠦᠨᠳᠦᠳᠭᠡᠵᠦ ᠬᠠᠷᠢᠯᠴᠠᠨ ᠣᠢ᠌ᠯᠠᠭᠠᠯᠴᠠᠵᠤ᠂ ᠨᠦᠬᠦᠷᠯᠡᠯ ᠢᠶᠡᠨ ᠭᠦᠨᠵᠡᠭᠡᠢ᠌ᠷᠡᠭᠦᠯᠬᠦ ᠪᠤᠯᠪᠠᠰᠤᠨ ᠠᠵᠢᠯᠯᠠᠭ᠎ᠠ ᠮᠦᠨ ᠴᠦ ᠬᠤᠪᠢ ᠬᠦᠮᠦᠨ ᠦ ᠰᠤᠶᠤᠯ ᠪᠤᠯᠪᠠᠰᠤᠷᠠᠯ᠂ ᠶᠤᠰᠤ ᠮᠤᠷᠠᠯ᠂ ᠦᠵᠡᠯ ᠰᠡᠳᠬᠢᠯᠭᠡ ᠵᠡᠷᠭᠡ ᠤᠶᠤᠨ ᠰᠠᠨᠠᠭᠠᠨ ᠤ ᠶᠡᠷᠦᠩᠬᠡᠢ ᠳᠤᠰᠬᠠᠯ ᠪᠦᠡᠳ ᠬᠦᠮᠦᠨ ᠦ ᠦᠨᠳᠦᠰᠦᠨ ᠬᠡᠪ ᠴᠢᠨᠠᠷ ᠤᠨ ᠨᠢᠭᠡ ᠮᠦᠨ᠃ ᠡᠢ᠌ᠮᠦ ᠡᠴᠡ ᠤᠶᠤᠲᠠᠳ ᠨᠡᠢ᠌ᠭᠡᠮ ᠦᠨ ᠬᠠᠷᠢᠯᠴᠠᠭᠠᠨ ᠤ ᠭᠤᠤ᠎ᠠ ᠰᠠᠢ᠌ᠬᠠᠨ ᠤ ᠮᠡᠳᠡᠯᠭᠡ ᠴᠢᠳᠠᠪᠤᠷᠢ ᠶᠢ ᠡᠵᠡᠮᠰᠢᠬᠦ ᠪᠤᠯ ᠲᠡᠳᠡ ᠨᠠᠷ ᠤᠨ ᠪᠡᠶ᠎ᠡ ᠰᠡᠳᠬᠢᠴᠡ ᠶᠢᠨ ᠡᠷᠡᠭᠦᠯ ᠢᠶᠡᠷ ᠬᠦᠭ᠍ᠵᠢᠬᠦ ᠪᠡ ᠨᠡᠢ᠌ᠭᠡᠮ ᠳᠡᠭᠡᠷ᠎ᠡ ᠦᠪᠡᠷ ᠦᠨ ᠵᠤᠬᠢᠰᠲᠠᠢ ᠣᠷᠤᠨ ᠪᠠᠢ᠌ᠷᠢ ᠪᠠᠨ ᠣᠯᠵᠤ᠂ ᠦᠢᠯᠡᠰ ᠪᠦᠲᠦᠭᠡᠬᠦ ᠶᠢᠨ ᠴᠢᠬᠤᠯᠠ ᠨᠦᠬᠦᠴᠡᠯ ᠪᠤᠯᠳᠠᠭ᠃ |