Paper Information


Title ᠲᠡᠭᠡᠳᠦ ᠮᠣᠩᠭ᠋ᠤᠯ ᠤᠨ ᠡᠷᠲᠡᠨ ᠤ ᠤᠷᠠᠨ ᠵᠣᠬᠢᠶᠠᠯ ᠤᠨ ᠭᠦᠭ᠍ᠵᠢᠯ ᠤᠨ ᠣᠨᠴᠠᠯᠢᠭ ᠢ ᠦᠭᠦᠯᠡᠬᠦ ᠨᠢ
Creator ᠬᠦ‍᠂ᠴᠡᠷᠡᠩᠪᠡᠯ
Keyword ᠲᠡᠭᠡᠳᠦ ᠮᠣᠩᠭ᠋ᠤᠯ; ᠡᠷᠲᠡᠨ ᠤ ᠤᠷᠠᠨ ᠵᠣᠬᠢᠶᠠᠯ; ᠬᠦᠭ᠍ᠵᠢᠯ
Abstract ᠡᠳᠦᠭᠡ ᠶᠢᠨ ᠬᠦᠬᠡᠨᠠᠭᠤᠷ ᠲᠤ ᠰᠠᠭᠤᠭ᠋ ᠠ ᠲᠡᠭᠡᠳᠦ ᠮᠣᠩᠭ᠋ᠤᠯᠴᠤᠳ ᠬᠡᠳᠦᠨ ᠵᠠᠭᠤᠨ ᠵᠢᠯ ᠮᠣᠩᠭ᠋ᠤᠯ ᠦᠨᠳᠦᠰᠦᠲᠡᠨ ᠤ ᠭᠣᠣᠯ ᠴᠣᠭᠴᠠ ᠡᠴᠡ ᠬᠠᠷᠢᠴᠠᠩᠭ᠋ᠤᠢ ᠲᠠᠰᠠᠭᠠᠷᠯᠢᠭ ᠠᠮᠢᠳᠤᠷᠠᠨ ᠣᠷᠤᠰᠢᠵᠤ᠂ ᠬᠦᠬᠡᠨᠠᠭᠤᠷ ᠲᠦᠪᠡᠳ ᠤᠨ ᠦᠨᠳᠦᠷᠯᠢᠭ ᠤᠨ ᠡᠨᠡ ᠬᠦ ᠣᠨᠴᠠ ᠪᠠᠢᠢᠭᠠᠯᠢ  ᠭᠠᠵᠠᠷ ᠵᠦᠢ ᠶᠢᠨ ᠣᠷᠴᠢᠨ ᠲᠤᠭᠤᠷᠢᠨ ᠪᠠ ᠨᠠᠢᠢᠭᠠᠮ ᠠᠬᠤᠢ ᠶᠢᠨ ᠣᠨᠴᠠᠭᠠᠢ ᠰᠣᠶᠣᠯ ᠤᠨ ᠠᠷᠤ ᠦᠵᠡᠭᠳᠡᠯ ᠲᠤᠤᠷ ᠠ ᠦᠪᠡᠷ ᠤᠨ ᠦᠨᠳᠦᠰᠦᠲᠡᠨ ᠤ ᠤᠯᠠᠮᠵᠢᠯᠠᠯᠲᠤ ᠰᠣᠶᠣᠯ ᠢᠢᠡᠨ ᠵᠠᠯᠭᠠᠮᠵᠢᠯᠠᠨ ᠬᠦᠭ᠍ᠵᠢᠬᠦᠯᠵᠦ ᠢᠷᠡᠭᠰᠡᠨ ᠲᠡᠳᠦᠢ ᠦᠭᠡᠢ᠂ ᠬᠦᠷᠰᠢ ᠵᠡᠷᠭᠡᠯᠡᠳᠡᠭᠡ ᠪᠣᠰᠤᠳ ᠦᠨᠳᠦᠰᠦᠲᠡᠨ ᠤ ᠨᠦᠯᠦᠭᠡ ᠲᠤᠰᠬᠠᠯ ᠢ ᠴᠦ ᠬᠦᠷᠲᠡᠵᠦ᠂ ᠦᠪᠡᠷ ᠤᠨ ᠣᠷᠤᠨ ᠨᠤᠲᠤᠭ ᠤᠨ ᠣᠨᠴᠠᠯᠢᠭ ᠲᠤ ᠲᠣᠬᠢᠷᠠᠭᠰᠠᠨ ᠦᠪᠡᠷᠮᠢᠴᠡ ᠣᠨᠴᠠᠯᠢᠭ ᠪᠦᠬᠦᠢ ᠰᠣᠶᠣᠯ ᠢᠢᠡᠨ ᠪᠦᠲᠦᠭᠡᠵᠦ᠂ ᠮᠣᠩᠭ᠋ᠤᠯ ᠦᠨᠳᠦᠰᠦᠲᠡᠨ ᠤ ᠰᠣᠶᠣᠯ ᠤᠨ ᠤᠯᠠᠨ ᠡᠰᠢᠲᠦ ᠠᠭᠤᠯᠤᠭᠳᠠᠬᠤᠨ ᠢ ᠪᠠᠶᠠᠯᠢᠭᠵᠢᠭᠤᠯᠤᠭᠰᠠᠭᠠᠷ ᠢᠷᠡᠵᠡᠢ᠃ ᠦᠭᠦᠯᠡᠯ ᠳᠤ᠂ ᠬᠦᠬᠡᠨᠠᠭᠤᠷ ᠤᠨ ᠲᠡᠭᠡᠳᠦ ᠮᠣᠩᠭ᠋ᠤᠯᠴᠤᠳ ᠤᠨ ᠲᠡᠦᠭᠡ ᠰᠣᠶᠣᠯ ᠤᠨ ᠪᠦᠷᠢᠯᠳᠦᠭᠰᠡᠨ ᠣᠨᠴᠠᠯᠢᠭ ᠡᠴᠡ ᠭᠠᠷᠳᠠᠨ᠂ ᠲᠡᠭᠡᠲᠦ ᠮᠣᠩᠭ᠋ᠤᠯ ᠤᠨ ᠡᠷᠲᠡᠨ ᠤ ᠰᠣᠶᠣᠯ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠡᠷᠲᠡᠨ ᠤ ᠮᠣᠩᠭ᠋ᠤᠯ ᠬᠡᠯᠡ ᠪᠢᠴᠢᠭ᠌ ᠤᠨ ᠤᠷᠠᠨ ᠵᠣᠬᠢᠶᠠᠯ᠂ ᠡᠷᠲᠡᠨ ᠤ ᠮᠣᠩᠭ᠋ᠤᠯ ᠠᠷᠠᠳ ᠤᠨ ᠠᠮᠠᠨ ᠵᠣᠬᠢᠶᠠᠯ ᠭᠡᠬᠦ ᠭᠤᠷᠪᠠᠨ ᠲᠠᠯ ᠠ ᠪᠡᠷ ᠲᠡᠬᠦᠨ ᠤ ᠬᠦᠭ᠍ᠵᠢᠯᠲᠡ ᠶᠢᠨ ᠣᠨᠴᠠᠯᠢᠭ ᠪᠠ ᠬᠠᠤᠯᠢ ᠵᠢᠮ ᠠ ᠵᠢ ᠵᠠᠳᠠᠯᠤᠨ ᠦᠬᠦᠯᠡᠵᠦ᠂ ᠲᠡᠭᠦᠨ ᠤ ᠦᠪᠡᠷᠮᠢᠴᠡ ᠣᠨᠴᠠᠯᠢᠭ ᠢ ᠬᠤᠷᠢᠶᠠᠩᠭ᠋ᠤᠢᠢᠯᠠᠨ ᠳ᠋ᠦᠩᠨᠡᠭᠡᠳ᠂ ᠲᠡᠭᠡᠳᠦ ᠮᠣᠩᠭ᠋ᠤᠯ ᠤᠨ ᠡᠷᠲᠡᠨ ᠤ ᠤᠷᠠᠨ ᠵᠡᠬᠢᠶᠠᠯ ᠤᠨ ᠦᠪᠡᠷᠮᠢᠴᠡ ᠬᠦᠭ᠍ᠵᠢᠯᠤᠨ ᠣᠨᠴᠠᠯᠢᠭ ᠪᠠ ᠦᠢᠯᠡᠳᠦᠯ ᠢ ᠨᠤᠲᠠᠯᠠᠬᠤ ᠵᠢ ᠵᠣᠷᠢᠪᠠ᠃
Original Literature View Original Paper
出自 内蒙古民族大学学报(社会科学) 2013年 第4期

联系我们


内蒙古大学图书馆
呼和浩特市大学西路235号
中国·内蒙古
P: (0471) 4992561
E: huangfeilong@imu.edu.cn