Paper Information


Title ᠰᠢᠨ᠎ᠡ ᠪᠠᠢᠳᠠᠯ ᠳᠤ ᠲᠤᠬᠢᠷᠠᠭᠰᠠᠨ ᠰᠢᠨ᠎ᠡ ᠦᠵᠡᠯᠲᠡ ᠶᠢ ᠪᠠᠢᠭ᠋ᠤᠯᠬᠤ ᠨᠢ
Creator ᠡ‍ · ᠪᠠᠳᠠᠷᠠᠬᠤ
Keyword
Abstract ᠰᠤᠷᠭ᠋ᠠᠭ᠋ᠤᠯᠢ ᠶᠢᠨ ᠨᠤᠮ ᠤᠨ ᠰᠠᠩ ᠤᠨ ᠦᠭᠡᠷᠡᠴᠢᠯᠡᠯᠲᠡ ᠶᠢᠨ ᠠᠯᠬᠤᠮ ᠨᠢ ᠰᠤᠷᠭ᠋ᠠᠭ᠋ᠤᠯᠢ ᠶᠢᠨ ᠪᠤᠰᠤᠳ ᠨᠢᠭᠡᠴᠡ ᠶᠢᠨ ᠬᠦᠭᠵᠢᠯᠲᠡ ᠶᠢᠨ ᠠᠯᠬᠤᠮ ᠲᠠᠢ ᠨᠢᠭᠡᠳᠴᠦ ᠴᠢᠳᠠᠬᠤ ᠡᠰᠡᠭᠦ ᠨᠢ ᠪᠦᠬᠦ ᠰᠤᠷᠭ᠋ᠠᠭ᠋ᠤᠯᠢ ᠶᠢᠨ ᠦᠭᠡᠷᠡᠴᠢᠯᠡᠯᠲᠡ ᠶᠢᠨ ᠠᠵᠢᠯ ᠳᠤ ᠮᠠᠰᠢ ᠴᠢᠬᠤᠯᠠ ᠦᠢᠯᠡᠳᠦᠯ ᠢ ᠦᠵᠡᠭᠦᠯᠬᠦ ᠶᠤᠮ᠃ ᠭᠡᠪᠡᠴᠦ ᠣᠳᠣ ᠶᠢᠨ ᠳᠡᠭᠡᠳᠦ ᠰᠤᠷᠭ᠋ᠠᠭ᠋ᠤᠯᠢ ᠶᠢᠨ ᠨᠤᠮ ᠤᠨ ᠰᠠᠩ ᠳᠤ ᠬᠦᠴᠢᠷᠲᠡᠯ ᠪᠡ ᠠᠰᠠᠭ᠋ᠤᠳᠠᠯ ᠣᠯᠠᠨ ᠣᠷᠤᠰᠢᠵᠤ ᠪᠠᠢᠨ᠎ᠠ᠂ ᠡᠭᠦᠨ ᠢ ᠨᠠᠷᠢᠨ ᠵᠠᠳᠠᠯᠪᠠᠯ ᠨᠢᠭᠡᠨ ᠨᠡᠢᠲᠡ ᠶᠢᠨ ᠴᠢᠨ᠋ᠠᠷ ᠲᠠᠢ ᠠᠰᠠᠭ᠋ᠤᠳᠠᠯ ᠣᠷᠤᠰᠢᠵᠤ ᠪᠤᠢ᠂ ᠡᠨ᠋ᠡ ᠨᠢ ᠳᠠᠷᠤᠢ ᠳᠡᠭᠡᠳᠦ ᠰᠤᠷᠭ᠋ᠠᠭ᠋ᠤᠯᠢ ᠶᠢᠨ ᠨᠤᠮ ᠤᠨ ᠰᠠᠩ ᠤᠨ ᠲᠤᠬᠠᠢ ᠵᠦᠪ ᠦᠵᠡᠯᠲᠡ ᠪᠦᠷᠢᠨ ᠲᠠᠨ᠋ᠢᠯᠲᠠ ᠪᠦᠷᠢᠮᠦᠰᠦᠨ ᠰᠢᠢᠳᠪᠦᠷᠢᠯᠡᠭᠳᠡᠭᠡᠳᠦᠢ᠂ ᠬᠦᠭᠵᠢᠯᠲᠡ ᠶᠢᠨ ᠰᠢᠨ᠎ᠡ ᠪᠠᠢᠳᠠᠯ ᠳᠤ ᠲᠤᠬᠢᠷᠠᠭᠰᠠᠨ ᠰᠢᠨ᠎ᠡ ᠦᠵᠡᠯᠲᠡ ᠶᠢ ᠪᠠᠢᠭ᠋ᠤᠯᠵᠤ ᠳᠡᠢᠯᠦᠭᠡᠳᠦᠢ ᠶᠠᠪᠤᠳᠠᠯ ᠪᠤᠯᠤᠨ᠎ᠠ᠃ ᠡᠨ᠋ᠡ ᠨᠢ ᠣᠳᠣ ᠶᠢᠨ ᠭᠠᠷᠴᠤ ᠪᠠᠢᠭ᠎ᠠ ᠠᠯᠢᠪᠠ ᠠᠰᠠᠭ᠋ᠤᠳᠠᠯ ᠤᠨ ᠭᠡᠮ ᠦᠨᠳᠦᠰᠦ ᠪᠤᠯᠤᠨ᠎ᠠ᠃ ᠡᠢᠨᠭᠦ ᠬᠠᠮᠤᠭ ᠤᠨ ᠴᠢᠬᠤᠯᠠ ᠨᠢ ᠤᠷᠢᠳᠠᠪᠠᠷ ᠦᠵᠡᠯ ᠲᠠᠨ᠋ᠢᠯᠲᠠ ᠪᠠᠨ ᠦᠭᠡᠷᠡᠴᠢᠯᠡᠨ ᠦᠭᠡᠳᠡᠯᠡᠨ ᠤᠷᠤᠭᠰᠢᠯᠠᠬᠤ ᠶᠠᠪᠤᠳᠠᠯ ᠪᠤᠯᠤᠨ᠎ᠠ᠃
Original Literature No Original Paper
出自 内蒙古民族大学学报(社会科学) 1995年 第2期

联系我们


内蒙古大学图书馆
呼和浩特市大学西路235号
中国·内蒙古
P: (0471) 4992561
E: huangfeilong@imu.edu.cn