Paper Information


Title ᠪᠠᠭᠰᠢ ᠶᠢᠨ ᠰᠤᠷᠭᠠᠨ ᠬᠦᠮᠦᠵᠢᠯ ᠤᠨ ᠲᠤᠬᠠᠢ ᠮᠦᠴᠢᠳ ᠦᠬᠦᠯᠡᠬᠦ ᠨᠢ
Creator ᠡᠷᠳᠡᠨᠢᠪᠠᠭ᠋᠋ᠠᠨ᠎ᠠ; ᠪᠠᠢ ᠡᡁᠦ᠌ᠩ ᠮᠧᠢ
Keyword ᠪᠠᠭᠰᠢ; ᠪᠠᠭᠰᠢ ᠶᠢᠨ ᠰᠤᠷᠭᠠᠭᠤᠯᠢ ᠶᠢᠨ ᠬᠦᠮᠦᠵᠢᠯ; ᠪᠠᠭᠰᠢ ᠶᠢᠨ ᠰᠤᠷᠭᠠᠨ ᠬᠦᠮᠦᠵᠢᠯ
Abstract ᠮᠡᠳᠡᠯᠭᠡᠵᠢᠭᠰᠡᠨ ᠠᠵᠦ ᠠᠬᠤᠢ ᠶᠢᠨ ᠬᠦᠭ᠍ᠵᠢᠯᠳᠡ ᠵᠢ ᠲᠠᠭᠠᠯᠳᠤᠨ ᠬᠦᠮᠦᠰ ᠤᠨ ᠰᠤᠷᠤᠯᠭ᠎ᠠ ᠶᠢᠨ ᠨᠠᠮᠳᠠᠷ ᠤᠨ ᠦᠨᠳᠤᠷᠵᠢᠬᠦ ᠪᠠ ᠪᠠᠭᠰᠢ ᠶᠢᠨ ᠠᠵᠢᠯ ᠤᠨ ᠲᠤᠰᠬᠠᠢ᠋ᠵᠢᠯᠳᠠ ᠵᠢ ᠬᠦᠭᠡᠭᠡᠴᠡᠯᠳᠤᠬᠦ ᠦᠵᠡᠭᠳᠡᠯ ᠨᠢ ᠨᠠᠢ᠋ᠭᠡᠮ ᠤᠨ ᠬᠦᠭ᠍ᠵᠢᠯᠳᠡ ᠶᠢᠨ ᠶᠡᠷᠤ ᠶᠢᠨ ᠤᠨᠴᠠᠯᠢᠭ ᠪᠤᠯᠵᠦ᠂ ᠰᠤᠷᠤᠯᠴᠠᠬᠤᠢ ᠨᠠᠢ᠋ᠭᠡᠮ ᠤᠨ ᠰᠢᠨ᠎ᠡ ᠦᠷᠨᠢᠯᠳᠡ ᠵᠢ ᠪᠤᠢ ᠪᠤᠯᠭᠠᠵᠡᠢ᠃ ᠠᠢᠮᠦᠷᠬᠦ ᠨᠠᠢ᠋ᠭᠡᠮ ᠤᠨ ᠬᠦᠭ᠍ᠵᠢᠯᠳᠡ ᠶᠢᠨ ᠤᠨᠴᠠᠯᠢᠭ ᠰᠢᠨᠵᠢ ᠨᠢ ᠤᠤᠯ ᠤᠨ ᠪᠠᠭᠰᠢ ᠶᠢᠨ ᠰᠤᠷᠭᠠᠭᠤᠯᠢ ᠶᠢᠨ ᠰᠤᠷᠭᠠᠨ ᠬᠦᠮᠦᠵᠢᠯ ᠳᠤ ᠰᠢᠨ᠎ᠡ ᠲᠤᠷᠠᠳᠤᠯᠭ᠎ᠠ ᠲᠠᠯᠪᠢᠵᠦ᠂ ᠪᠠᠭᠰᠢ ᠶᠢᠨ ᠰᠤᠷᠭᠠᠭᠤᠯᠢ ᠶᠢᠨ ᠬᠦᠮᠦᠵᠢᠭᠦᠯᠬᠦ ᠬᠡᠪ ᠢ ᠰᠢᠨ᠎ᠡ ᠪᠡᠷ ᠪᠠᠢ᠋ᠭᠤᠯᠬᠤ ᠵᠢ ᠪᠤᠰᠤᠳᠴᠢ ᠲᠠᠯ᠎ᠠ ᠪᠡᠷ ᠱᠠᠭᠠᠷᠳᠡᠬᠤ ᠪᠤᠯᠵᠡᠢ᠃ ᠡᠢ᠋ᠮᠦ ᠡᠴᠨ ᠤᠤᠯ ᠤᠨ ᠪᠠᠭᠰᠢ ᠶᠢᠨ ᠰᠤᠷᠭᠠᠭᠤᠯᠢ ᠶᠢᠨ ᠰᠤᠷᠭᠠᠨ ᠬᠦᠮᠦᠵᠢᠯ ᠳᠤ ᠪᠦᠬᠦ ᠲᠠᠯ᠎ᠡ ᠶᠢᠨ᠂ ᠵᠦᠪ ᠤᠨᠤᠪᠴᠢᠳᠡᠢ ᠦᠭᠡᠷᠡᠴᠢᠯᠡᠯᠳᠡ ᠬᠢᠵᠦ᠂ ᠬᠦᠮᠦᠵᠢᠬᠦᠯᠬᠦ ᠪᠡ ᠪᠤᠯᠪᠠᠰᠤᠷᠠᠭᠤᠯᠬᠤ ᠵᠢ ᠪᠠᠭᠳᠠᠭᠠᠭᠰᠠᠨ ᠪᠠᠭᠰᠢ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠳᠡ ᠶᠢᠨ ᠵᠠᠮ ᠢ ᠰᠤᠩᠭ᠋ᠤᠬᠤ ᠪᠤᠯ ᠪᠠᠭᠰᠢ ᠶᠢᠨ ᠠᠵᠢᠯ ᠤᠨ ᠢᠷᠡᠭᠡᠳᠤᠢ ᠶᠢᠨ ᠬᠦᠭ᠍ᠵᠢᠯᠳᠡ ᠶᠢᠨ ᠴᠢᠬᠤᠯᠠ ᠬᠠᠨᠳᠤᠰᠢ ᠪᠤᠯᠤᠭᠰᠠᠨ ᠪᠠᠢ᠋ᠨ᠎ᠠ᠃
Original Literature No Original Paper
出自 内蒙古民族大学学报(社会科学) 2004年 第4期

联系我们


内蒙古大学图书馆
呼和浩特市大学西路235号
中国·内蒙古
P: (0471) 4992561
E: huangfeilong@imu.edu.cn