Paper Information


Title ᠰᠢᠯᠵᠢᠯᠲᠡ ᠶᠢᠨ ᠦᠶ ᠡ ᠳ᠋ᠡᠬᠢ ᠨᠡᠢᠭᠡᠮ ᠤᠨ ᠢᠳᠡᠭᠡᠯ ᠤᠨ ᠬᠢᠮᠦᠷᠠᠯ ᠤᠨ ᠲᠣᠬᠠᠢ ᠦᠭᠦᠯᠡᠬᠦ ᠨᠢ
Creator ᠡᠰᠡᠷᠡᠮᠲᠦ
Keyword ᠨᠡᠢᠭᠡᠮ ᠤᠨ ᠰᠢᠯᠵᠢᠯᠲᠡ; ᠨᠢᠡᠭᠡᠮ ᠤᠨ ᠢᠳᠡᠭᠡᠯ; ᠨᠡᠢᠭᠡᠮ ᠤᠨ ᠦᠢᠯᠡᠳᠦᠯᠴᠡᠭᠡ;ᠢᠳᠡᠭᠡᠯ ᠤᠨ ᠬᠢᠮᠤᠷᠠᠯ
Abstract ᠨᠡᠢᠭᠡᠮ ᠤᠨ ᠢᠲᠡᠭᠡᠯ ᠤᠨ ᠠᠰᠠᠭᠤᠳᠠᠯ ᠪᠣᠯ ᠶᠠᠮᠠᠷᠪᠠ ᠨᠢᠭᠡ ᠨᠡᠢᠭᠡᠮ ᠤᠨ ᠨᠢᠭᠡᠳᠭᠡᠯ ᠪᠠ ᠪᠦᠯᠬᠦᠮᠳᠡᠯ ᠲᠠᠢ ᠬᠤᠯᠪᠤᠭᠳᠠᠬᠤ ᠴᠢᠬᠤᠯᠠ ᠠᠰᠠᠭᠤᠳᠠᠯ ᠪᠣᠯᠬᠤ ᠶᠣᠮ᠃ ᠮᠦᠨ ᠴᠦ ᠨᠡᠢᠭᠡᠮ ᠤᠨ ᠪᠦᠷᠢᠯᠳᠦᠭᠦᠨ ᠤ ᠲᠤᠳᠤᠭᠠᠳᠤ ᠰᠡᠳᠭᠢᠬᠦᠢ ᠶᠢᠨ ᠶᠢᠷᠲᠢᠨᠴᠦ ᠶᠢᠨ ᠠᠵᠢᠯᠯᠠᠭ᠎ᠠ ᠶᠢᠨ ᠭᠠᠳᠠᠭᠠᠳᠤ ᠲᠤᠰᠬᠠᠯ ᠪᠣᠯᠬᠤ ᠶᠣᠮ᠃ ᠭᠡᠬᠦ ᠳ᠋ᠤ ᠨᠡᠢᠭᠡᠮ ᠤᠨ ᠢᠲᠡᠭᠡᠯ ᠤᠨ ᠬᠢᠮᠤᠷᠠᠯ ᠳ᠋ᠤ ᠤᠴᠠᠷᠠᠬᠤ ᠶᠠᠪᠤᠳᠠᠯ ᠨᠢ ᠵᠦᠪᠬᠡᠨ ᠨᠢᠭᠡ ᠪᠣᠳᠠᠭᠠᠯᠢ ᠴᠣᠭᠴᠠ ᠶᠢᠨ ᠠᠰᠠᠭᠤᠳᠠᠯ ᠲᠡᠳᠦᠢ ᠪᠢᠰᠢ ᠬᠠᠷᠢᠨ ᠪᠦᠬᠦᠢᠯᠡ ᠨᠡᠢᠭᠡᠮ ᠤᠨ ᠠᠵᠤ ᠠᠬᠤᠢ᠂ ᠤᠯᠤᠰ ᠲᠦᠷᠦ᠂ᠨᠡᠢᠭᠡᠮ ᠤᠨ ᠪᠠᠢᠭᠤᠯᠤᠯ᠂ᠰᠣᠶᠣᠯ ᠤᠨ ᠰᠢᠰᠲ᠋ᠧᠮ ᠤᠨ ᠲᠤᠭᠲᠠᠯᠴᠠᠭ᠎ᠠ ᠵᠢᠴᠢ ᠲᠡᠳᠡᠭᠡᠷ ᠤᠨ ᠪᠦᠲᠦᠴᠡ ᠶᠢᠨ ᠴᠢᠨᠠᠷ ᠲᠠᠢ ᠬᠤᠪᠢᠷᠠᠯᠲᠠ ᠬᠢᠭᠡᠳ ᠲᠦᠷᠢᠮᠵᠢᠯ ᠤᠨ ᠬᠡᠮᠵᠢᠶ ᠡ ᠲᠠᠢ ᠬᠣᠯᠪᠤᠭᠳᠠᠬᠤ ᠠᠰᠠᠭᠤᠳᠠᠯ ᠪᠣᠯᠬᠤ ᠶᠣᠮ᠃ ᠨᠡᠩ ᠴᠢᠬᠤᠯᠠ ᠨᠢ ᠨᠡᠢᠭᠡᠮ ᠤᠨ ᠪᠦᠲᠦᠴᠡ ᠶᠢᠨ ᠴᠢᠨᠠᠷ ᠲᠠᠢ ᠰᠢᠯᠵᠢᠯᠲᠡ ᠨᠢ ᠤᠯᠠᠮᠵᠢᠯᠠᠯᠲᠤ ᠦᠷᠲᠡᠭ ᠤᠨ ᠰᠢᠰᠲ᠋ᠧᠮ ᠤᠨ ᠰᠠᠭᠤᠷᠢᠨ ᠲᠡᠭᠡᠷ ᠡ ᠪᠠᠢᠭᠤᠯᠤᠭᠲᠠᠭᠰᠠᠨ ᠨᠡᠢᠭᠡᠮ ᠤᠨ ᠦᠢᠯᠡᠳᠦᠯᠴᠡᠭᠡᠨ ᠤ ᠲᠤᠭᠲᠠᠯᠴᠠᠭ᠎ᠠ ᠵᠢ ᠵᠠᠳᠠᠷᠠᠭᠤᠯᠤᠭᠰᠠᠨ ᠳ᠋ᠤ ᠰᠢᠭᠤᠳ ᠰᠢᠯᠲᠠᠭᠠᠯᠠᠭᠳᠠᠬᠤ ᠨᠡᠢᠭᠡᠮ ᠤᠨ ᠦᠵᠡᠭᠳᠡᠯ ᠪᠣᠯᠬᠤ ᠶᠣᠮ᠃ ᠶᠠᠭ ᠡᠢᠮᠦ ᠡᠴᠡ ᠨᠡᠢᠭᠡᠮ ᠤᠨᠪᠦᠷᠢᠯᠳᠦᠭᠦᠨ ᠨᠤᠭᠦᠳ ᠤᠨ ᠦᠢᠯᠠ ᠠᠵᠢᠯᠯᠠᠭ᠎ᠠ ᠵᠢ ᠲᠦᠷᠢᠮᠵᠢᠬᠦᠯᠦᠨ ᠲᠡᠬᠢᠨ ᠵᠣᠬᠢᠶᠠᠮᠵᠢᠯᠠᠵᠤ ᠴᠢᠳᠠᠬᠤᠢᠴᠠ ᠣᠷᠴᠢᠨ ᠲᠤᠭᠤᠷᠢᠨ ᠤ ᠨᠦᠬᠦᠴᠡᠯ ᠢ ᠡᠭᠦᠳᠬᠦ ᠪᠣᠯ ᠬᠢᠮᠤᠷᠠᠯ ᠢ ᠦᠭᠡᠢᠢᠰᠭᠡᠬᠦ ᠪᠣᠶᠣ ᠬᠠᠮᠤᠭ ᠲᠤᠤᠷ ᠠ ᠬᠡᠮᠵᠢᠶᠡᠨ ᠳ᠋ᠤ ᠬᠢᠵᠠᠭᠠᠷᠯᠠᠭᠳᠠᠬᠤ ᠶᠢᠨ ᠪᠦᠲᠦᠮᠵᠢᠲᠡᠢ ᠠᠷᠭ᠎ᠠ ᠶᠢᠨ ᠨᠢᠭᠡ ᠪᠣᠯᠬᠤ ᠶᠣᠮ᠃
Original Literature View Original Paper
出自 内蒙古师范大学学报 2013年 第4期

联系我们


内蒙古大学图书馆
呼和浩特市大学西路235号
中国·内蒙古
P: (0471) 4992561
E: huangfeilong@imu.edu.cn