Title |
ᠷᠠᠳᠢᠤ᠋ ᠤᠳᠬ᠎ᠠ ᠤᠷᠠᠯᠢᠭ ᠤᠨ ᠫᠷᠤᠭ᠍ᠷᠠᠮ ᠳᠤ ᠬᠡᠷᠬᠢᠨ ᠤᠯᠠᠨ ᠲᠦᠮᠡᠨᠴᠢ ᠱᠤᠭᠤᠮ ᠢ ᠬᠡᠷᠡᠭᠵᠢᠭᠦᠯᠬᠦ ᠲᠤᠬᠠᠢ — ᠲᠦᠩᠯᠢᠶᠤᠤ ᠷᠠᠳᠢᠤ᠋ ᠬᠤᠷᠢᠶ᠎ᠠ ᠶᠢᠨ ᠮᠤᠩᠭ᠋ᠤᠯ ᠤᠳᠬ᠎ᠠ ᠤᠷᠠᠯᠢᠭ ᠤᠨ ᠲᠦᠪ ᠤᠨ ᠰᠢᠨ᠎ᠡ ᠪᠡᠷ ᠲᠤᠬᠢᠷᠠᠭᠤᠯᠤᠭᠰᠠᠨ ᠫᠷᠤᠭ᠍ᠷᠡᠮ — ᠬᠤᠷᠴᠢᠨ ᠤ ᠰᠤᠶᠤᠯ ᠤᠷᠠᠯᠢᠭ ᠤᠨ ᠦᠪᠡᠷᠮᠢᠴᠡ ᠤᠨᠴᠠᠯᠢᠭ ᠢ ᠰᠢᠨᠵᠢᠯᠡᠬᠦ ᠨᠢ |
Creator |
ᠰᠠᠷᠠᠭᠤᠯ |
Keyword |
ᠷᠠᠳᠢᠤ᠋ ᠤᠳᠬ᠎ᠠ ᠤᠷᠠᠯᠢᠭ; ᠤᠯᠠᠨ ᠲᠦᠮᠡᠨᠴᠢ ᠱᠤᠭᠤᠮ; ᠰᠢᠨ᠎ᠡ ᠫᠷᠤᠭ᠍ᠷᠡᠮ |
Abstract |
ᠴᠠᠭ ᠡᠷᠢᠨ ᠤ ᠲᠠᠪᠰᠢᠯᠳᠡ ᠶᠢ ᠲᠠᠭᠠᠯᠳᠤᠨ᠂ ᠤᠳᠤᠬᠢᠴᠢᠯᠠᠭᠰᠠᠨ ᠵᠠᠭᠤᠴᠢᠯᠠᠭᠤᠷ ᠪᠤᠯᠬᠤ ᠲᠸᠯᠸᠢᠰ᠂ ᠭᠠᠭᠴᠠ ᠬᠦ ᠰᠤᠨᠤᠷ ᠤᠨ ᠬᠦᠴᠦᠨ ᠳ᠋ᠡᠭᠡᠨ ᠯᠡ ᠲᠦᠰᠢᠭᠯᠡᠬᠦ ᠷᠠᠳᠢᠤ᠋ ᠨᠡᠪᠳᠡᠷᠡᠭᠦᠯᠭᠡ ᠳᠤ ᠰᠢᠨ᠎ᠡ ᠦᠷᠢᠰᠦᠯᠳᠦᠭᠡᠨ ᠢ ᠪᠤᠢ ᠪᠤᠯᠭᠠᠭᠰᠠᠨ ᠪᠠᠢ᠌ᠨ᠎ᠠ᠃ ᠲᠠᠪᠠᠭᠤᠯᠢᠭ ᠶᠢᠡᠨ ᠪᠠᠳᠠᠷᠠᠭᠤᠯᠬᠤ ᠨᠢ ᠲᠠᠪᠰᠢᠨ ᠬᠦᠭ᠍ᠵᠢᠬᠦ ᠶᠢᠨ ᠦᠨᠳᠦᠰᠦ᠂ ᠤᠨᠴᠠᠯᠢᠭ ᠶᠢᠡᠨ ᠲᠤᠪᠤᠢ᠌ᠯᠭᠠᠬᠤ ᠨᠢ ᠤᠷᠤᠭᠰᠢᠯᠠᠨ ᠲᠡᠭᠡᠭ᠍ᠰᠢᠯᠡᠬᠦ ᠶᠢᠨ ᠰᠠᠭᠤᠷᠢ᠃ ᠲᠤᠰ ᠦᠭᠦᠯᠡᠯ ᠳᠤ ᠲᠠᠮᠵᠢᠭᠤᠯᠬᠤ ᠬᠤᠷᠳᠤᠴᠠ ᠲᠦᠷᠭᠡᠨ᠂ ᠤᠷᠤᠨ ᠵᠠᠢ ᠶᠢᠨ ᠬᠦᠷᠢᠶ᠎ᠡ ᠴᠠᠷ᠎ᠠ ᠳᠤ ᠬᠢᠵᠠᠭᠠᠷᠯᠠᠭᠳᠠᠬᠤ ᠦᠭᠡᠢ᠂ ᠲᠠᠷᠬᠠᠯᠳᠠ ᠶᠢᠨ ᠬᠡᠪᠴᠢᠶ᠎ᠡ ᠦᠷᠭᠡᠨ ᠪᠠᠢ᠌ᠬᠤ ᠲᠠᠪᠠᠭᠤᠯᠢᠭ ᠤᠨᠴᠠᠯᠢᠭ ᠶᠢᠡᠨ ᠪᠠᠳᠠᠷᠠᠭᠤᠯᠵᠤ᠂ ᠰᠤᠰᠤᠭᠴᠢ ᠤᠯᠠᠨ ᠤ ᠠᠮᠢᠳᠤᠷᠠᠯ ᠲᠠᠢ ᠬᠠᠪᠢᠳᠠᠭᠰᠠᠨ᠂ ᠤᠯᠠᠨ ᠲᠦᠮᠡᠨᠴᠢ ᠱᠤᠭᠤᠮ ᠲᠠᠢ ᠵᠤᠬᠢᠴᠠᠯᠳᠤᠭᠰᠠᠨ᠂ ᠴᠠᠭ ᠦᠶ᠎ᠡ ᠶᠢᠨ ᠬᠠᠨᠳᠤᠰᠢ ᠳᠤ ᠴᠢᠭ᠍ᠯᠡᠭᠦᠯᠦᠭᠰᠡᠨ ᠫᠷᠤᠭ᠍ᠷᠡᠮ ᠡᠷᠬᠢᠯᠡᠭᠰᠡᠨ ᠰᠢᠨ᠎ᠡ ᠰᠡᠳᠭᠢᠴᠡ ᠶᠢᠨ ᠲᠤᠬᠠᠢ ᠰᠢᠨᠵᠢᠯᠡᠪᠡ᠃ |
Original Literature |
View Original Paper
|
出自 |
内蒙古民族大学学报(社会科学)
2015年
第1期
|