Paper Information


Title 《ᠰᠦᠯᠵᠢᠶᠡᠨ ᠨᠢᠭᠤᠷ ᠲᠦᠯᠦᠪᠯᠡᠬᠦ ᠪᠡ ᠦᠢᠯᠡᠳᠬᠦ》 ᠬᠢᠴᠢᠶᠡᠯ ᠦᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠢ
Creator ᠪᠤᠯᠤᠷ
Keyword ᠨᠡᠢᠭᠡᠮ ᠦᠨ ᠰᠢᠨᠵᠢᠯᠡᠬᠦ ᠤᠬᠠᠭᠠᠨ ᠤ ᠲᠤᠰᠬᠠᠢ ᠮᠡᠭᠡᠵᠢᠯ; ᠰᠦᠯᠵᠢᠶᠡᠨ ᠨᠢᠭᠤᠷ ᠲᠦᠯᠦᠪᠯᠡᠬᠦ ᠪᠡ ᠦᠢᠯᠡᠳᠬᠦ; ᠵᠢᠭᠠᠨ ᠰᠤᠷᠭᠠᠯᠲᠠ ᠶᠢᠨ ᠶᠠᠰᠤ ᠴᠢᠨᠠᠷ
Abstract ᠵᠢᠭᠠᠨ ᠰᠤᠷᠭᠠᠯᠲᠠ ᠶᠢᠨ ᠶᠠᠰᠤ ᠴᠢᠨᠠᠷ ᠪᠤᠯ ᠰᠤᠷᠭᠠᠭᠤᠯᠢ ᠶᠢᠨ ᠬᠦᠭᠵᠢᠯ ᠪᠠᠳᠠᠷᠠᠯ᠂ ᠰᠤᠷᠤᠭᠴᠢᠳ ᠤᠨ ᠢᠷᠡᠭᠡᠳᠦᠢ ᠶᠢᠨ ᠬᠦᠰᠡᠯᠡᠩ ᠵᠢᠴᠢ ᠠᠷᠠᠳ ᠣᠯᠠᠨ ᠤ ᠦᠨᠳᠦᠰᠦᠨ ᠠᠰᠢᠭ ᠲᠤᠰᠠ ᠲᠠᠢ ᠬᠤᠯᠪᠤᠭᠳᠠᠬᠤ ᠮᠦᠷᠲᠡᠭᠡᠨ ᠰᠤᠷᠭᠠᠭᠤᠯᠢ ᠶᠢᠨ ᠵᠢᠭᠠᠨ ᠰᠤᠷᠭᠠᠬᠤ ᠠᠵᠢᠯ ᠤᠨ ᠬᠢᠷᠢ ᠬᠡᠮᠵᠢᠶ ᠡ ᠶᠢ ᠰᠢᠯᠭᠠᠨ ᠪᠠᠢᠴᠠᠭᠠᠬᠤ ᠭᠤᠤᠯ ᠪᠠᠷᠢᠮᠵᠢᠶ᠎ᠠ ᠪᠤᠯᠬᠤ ᠶᠤᠮ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠤᠯ ᠵᠢᠭᠠᠨ ᠰᠤᠷᠭᠠᠬᠤ ᠠᠵᠢᠯᠲᠠᠳ ᠪᠤᠯᠤᠨ ᠨᠡᠢᠭᠡᠮ ᠨᠡᠢᠲᠡ ᠶᠢᠨ ᠠᠩᠬᠠᠷᠴᠤ ᠪᠦᠬᠦᠢ ᠠᠰᠠᠭᠤᠳᠠᠯ ᠪᠦᠭᠡᠳ ᠶᠡᠷᠦᠳᠡ ᠶᠢᠨ ᠶᠠᠷᠢᠯᠴᠠᠭᠠᠨ ᠤ ᠰᠡᠳᠦᠪ ᠪᠤᠯᠵᠤ ᠪᠠᠢᠳᠠᠭ᠃ 《ᠰᠦᠯᠵᠢᠶᠡᠨ ᠨᠢᠭᠤᠷ ᠲᠦᠯᠦᠪᠯᠡᠬᠦ ᠪᠡ ᠦᠢᠯᠡᠳᠬᠦ》 ᠬᠢᠴᠢᠶᠡᠯ ᠪᠤᠯ ᠳᠡᠭᠡᠳᠦ ᠰᠤᠷᠭᠠᠭᠤᠯᠢ ᠶᠢᠨ ᠨᠡᠢᠭᠡᠮ ᠦᠨ ᠰᠢᠨᠵᠢᠯᠡᠬᠦ ᠤᠬᠠᠭᠠᠨ ᠤ ᠲᠤᠰᠬᠠᠢ ᠮᠡᠷᠭᠡᠵᠢᠯ ᠦᠨ ᠰᠤᠷᠤᠭᠴᠢᠳ ᠵᠠᠪᠠᠯ ᠰᠤᠷᠬᠤ ᠦᠨᠳᠦᠰᠦᠨ ᠬᠢᠴᠢᠶᠡᠯ ᠲᠦᠷᠦᠯ ᠪᠤᠯᠬᠤ ᠶᠤᠮ᠃ ᠲᠡᠷᠡ ᠨᠢ ᠰᠤᠷᠤᠭᠴᠢᠳ ᠤᠨ ᠰᠦᠯᠵᠢᠶᠡᠨ ᠨᠢᠭᠤᠷ ᠲᠦᠯᠦᠪᠯᠡᠬᠦ᠂ ᠰᠦᠯᠵᠢᠶᠡᠨ ᠦᠷᠲᠡᠭᠡ ᠪᠠᠢᠭᠤᠯᠬᠤ ᠪᠤᠯᠤᠨ ᠬᠠᠮᠢᠶᠠᠷᠤᠯᠲᠠ ᠶᠢᠨ ᠴᠢᠳᠠᠪᠤᠷᠢ ᠶᠢ ᠬᠦᠮᠦᠵᠢᠭᠦᠯᠬᠦ ᠲᠤᠬᠠᠢ ᠮᠡᠳᠡᠯᠭᠡ ᠶᠢ ᠵᠢᠭᠠᠳᠠᠭ᠃ ᠵᠤᠬᠢᠶᠠᠯ ᠳᠤ ᠬᠢᠴᠢᠶᠡᠯ ᠦᠨ ᠠᠭᠤᠯᠭ᠎ᠠ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ᠂ ᠰᠤᠷᠤᠯᠴᠠᠬᠤ ᠠᠷᠭ᠎ᠠ ᠮᠠᠶᠢᠦᠭ᠂ ᠰᠢᠯᠭᠠᠯᠲᠠ ᠶᠢᠨ ᠠᠷᠭ᠎ᠠ ᠬᠡᠯᠪᠡᠷᠢ ᠵᠡᠷᠭᠡ ᠲᠠᠯ᠎ᠠ ᠪᠠᠷ 《ᠰᠦᠯᠵᠢᠶᠡᠨ ᠨᠢᠭᠤᠷ ᠲᠦᠯᠦᠪᠯᠡᠬᠦ ᠪᠡ ᠦᠢᠯᠡᠳᠬᠦ》 ᠬᠢᠴᠢᠶᠡᠯ ᠦᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠢ ᠵᠠᠳᠠᠯᠤᠨ ᠦᠭᠦᠯᠡᠪᠡ᠃
Original Literature No Original Paper
出自 内蒙古民族大学学报(自然科学) 2015年 第2期

联系我们


内蒙古大学图书馆
呼和浩特市大学西路235号
中国·内蒙古
P: (0471) 4992561
E: huangfeilong@imu.edu.cn