Title |
ᠰᠦᠯᠵᠢᠶᠡᠨ ᠤ ᠴᠠᠭ ᠦᠶ ᠠ ᠳ᠋ᠡᠬᠢ ᠦᠨᠳᠦᠰᠦᠲᠡᠨ ᠤ ᠶᠡᠬᠡ ᠰᠤᠷᠭᠠᠭᠤᠯᠢ ᠶᠢᠨ ᠨᠣᠮ ᠤᠨ ᠰᠠᠩ ᠤᠨ ᠪᠦᠲᠦᠭᠡᠯᠴᠢ ᠦᠢᠯᠡᠴᠢᠯᠠᠭᠡᠨ ᠤ ᠲᠣᠬᠠᠢ |
Creator |
ᠪᠤᠤ ᠢᠤᠢ ᠱᠠᠨ |
Keyword |
ᠦᠨᠳᠦᠰᠦᠲᠡᠨ ᠤ ᠶᠡᠬᠡ ᠰᠤᠷᠭᠠᠭᠤᠯᠢ ᠶᠢᠨ ᠨᠣᠮ ᠤᠨ ᠰᠠᠩ; ᠣᠩᠰᠢᠭᠴᠢ ᠳ᠋ᠤ ᠦᠢᠯᠡᠴᠢᠯᠡᠬᠦ; ᠰᠢᠨ᠎ᠠ ᠵᠢ ᠡᠭᠦᠳᠬᠦ; ᠪᠦᠲᠦᠭᠡᠯᠴᠢ ᠦᠢᠯᠡᠴᠢᠯᠡᠭᠡᠨ |
Abstract |
ᠶᠡᠬᠡ ᠰᠤᠷᠭᠠᠭᠤᠯᠢ ᠶᠢᠨ ᠨᠣᠮ ᠤᠨ ᠰᠠᠩ ᠨᠢ ᠨᠡᠢᠭᠡᠮ ᠤᠨ ᠮᠡᠳᠡᠯᠭᠡ ᠶᠢᠨ ᠰᠤᠷᠠᠭ ᠵᠠᠩᠬᠢ ᠵᠢ ᠴᠤᠭᠯᠠᠭᠤᠯᠬᠤ᠂ ᠬᠠᠳᠠᠭᠠᠯᠠᠬᠤ᠂ ᠲᠤᠷᠬᠠᠭᠠᠬᠤ ᠭᠤᠯ ᠪᠠᠢᠷᠢᠨ ᠳ᠋ᠤ ᠤᠷᠤᠰᠢᠵᠤ᠂ ᠨᠡᠢᠭᠡᠮ ᠤᠨ ᠲᠠᠪᠰᠢᠯᠲᠠ ᠵᠢ ᠬᠠᠮᠤᠭ ᠲᠦᠷᠭᠡᠨ ᠢᠢᠡᠷ ᠰᠡᠷᠡᠵᠦ ᠮᠡᠳᠡᠷᠡᠬᠦ ᠶᠢᠨ ᠬᠠᠮᠳᠤ᠂ ᠰᠤᠷᠠᠭ ᠵᠠᠩᠬᠢᠴᠢᠯᠠᠯᠲᠠ ᠡᠴᠡ ᠪᠤᠯᠭᠰᠠᠨ ᠡᠯ ᠠ ᠵᠦᠢᠯ ᠤᠨ ᠲᠠᠷᠤᠯᠳᠠ ᠳ᠋ᠤ ᠰᠢᠭᠤᠳ ᠤᠴᠠᠷᠠᠳᠠᠭ᠃ ᠣᠳᠣᠬᠢ ᠴᠠᠭ ᠡᠷᠢᠨ ᠳ᠋ᠤ᠂ ᠣᠨᠴᠠᠭᠠᠢᠯᠠᠨ ᠶᠡᠬᠡ ᠰᠤᠷᠭᠠᠭᠤᠯᠢ ᠶᠢᠨ ᠨᠣᠮ ᠤᠨ ᠰᠠᠩ ᠤᠨ ᠪᠦᠲᠦᠭᠡᠯᠴᠢ ᠦᠢᠯᠡᠴᠢᠯᠡᠭᠡᠨ ᠨᠢ ᠦᠨᠳᠦᠰᠦᠲᠡᠨ ᠤ ᠶᠡᠬᠡ ᠰᠤᠷᠭᠠᠭᠤᠯᠢ ᠶᠢᠨ ᠨᠣᠮ ᠤᠨ ᠰᠠᠩ ᠳ᠋ᠤ ᠬᠦᠨᠳᠦ ᠨᠤᠴᠢᠲᠠᠢ ᠰᠢᠯᠭᠠᠯᠲᠠ ᠵᠢ ᠠᠪᠴᠢᠷᠠᠵᠤ᠂ ᠰᠤᠷᠠᠭ ᠵᠠᠩᠬᠢ ᠶᠢᠨ ᠡᠬᠢ ᠪᠠᠶᠠᠯᠢᠭ᠂ ᠦᠢᠯᠡᠴᠢᠯᠠᠭᠡᠨ ᠤ ᠬᠦᠷᠢᠶ ᠠ ᠬᠡᠪᠴᠢᠶ ᠠ᠂ ᠦᠢᠯᠡᠴᠢᠯᠡᠭᠡᠨ ᠤ ᠡᠳᠡᠭᠡᠳ᠂ ᠦᠢᠯᠡᠴᠢᠯᠡᠭᠡᠨ ᠤ ᠠᠷᠭ᠎ᠠ ᠠᠪᠴᠠᠯ ᠵᠢᠴᠢ ᠮᠡᠷᠭᠡᠵᠢᠯ ᠤᠨ ᠠᠷᠭ ᠠ ᠬᠡᠯᠪᠡᠷᠢ ᠵᠡᠷᠭᠡ ᠲᠠᠯ ᠠ ᠳ᠋ᠤ ᠪᠦᠷ ᠰᠢᠨ᠎ᠠ ᠬᠤᠪᠢᠷᠠᠯᠲᠠ ᠭᠠᠷᠤᠭᠰᠠᠨ ᠪᠠᠢᠨ᠎ᠠ᠃ ᠡᠢᠮᠦ ᠡᠴᠡ ᠰᠦᠯᠵᠢᠶᠡᠨ ᠤ ᠴᠠᠭ ᠦᠶ ᠠ ᠳ᠋ᠤ ᠲᠣᠬᠢᠷᠠᠭᠤᠯᠤᠨ ᠦᠨᠳᠦᠰᠦᠲᠡᠨ ᠤ ᠶᠡᠬᠡ ᠲᠡᠭᠡᠳᠦ ᠰᠤᠷᠭᠰᠭᠤᠯᠢ ᠶᠢᠨ ᠨᠣᠮ ᠤᠨ ᠰᠠᠩ ᠨᠢ ᠣᠩᠰᠢᠭᠴᠢ ᠶᠢᠨ ᠠᠳᠠᠯᠢ ᠪᠤᠰᠤ ᠬᠡᠷᠡᠭᠴᠡᠭᠡ ᠳ᠋ᠤ ᠵᠤᠬᠢᠴᠠᠭᠤᠯᠤᠨ ᠦᠢᠯᠡᠴᠢᠯᠡᠭᠡᠨ ᠤ ᠰᠡᠳᠬᠢᠬᠦᠢ ᠪᠠᠨ ᠰᠢᠨᠡᠴᠢᠯᠠᠵᠦ᠂ ᠤᠯᠠᠮ ᠨᠢᠭᠡ ᠠᠯᠬᠤᠮ ᠵᠢᠭᠠᠨ ᠰᠤᠷᠭᠠᠯᠲᠠ ᠡᠷᠲᠡᠮ ᠰᠢᠯᠵᠢᠯᠡᠭᠡᠨ ᠳ᠋ᠤ ᠦᠢᠯᠡᠴᠢᠯᠠᠬᠦ ᠡᠭᠦᠷᠡ ᠴᠢᠳᠠᠪᠬᠢ ᠪᠠᠨ ᠪᠠᠳᠠᠷᠠᠭᠤᠯᠪᠠᠯ ᠵᠣᠬᠢᠨ᠎ᠠ᠃ |
Original Literature |
View Original Paper
|
出自 |
内蒙古社会科学(蒙文版)
2017年
第3期
|