Paper Information


Title ᠰᠢᠨᠵᠢᠯᠡᠬᠦ ᠤᠬᠠᠭᠠᠨᠴᠢ ᠬᠦᠭ᠍ᠵᠯᠲᠡ ᠶᠢᠨ ᠦᠵᠡᠯᠲᠡ ᠪᠡᠷ ᠵᠢᠯᠤᠭᠤᠳᠤᠯᠭ᠎ᠠ ᠪᠤᠯᠭᠠᠵᠤ᠂ ᠳᠡᠭᠡᠳᠦ ᠰᠤᠷᠭᠠᠭᠤᠯᠢ ᠶᠢᠨ ᠨᠠᠮ ᠤᠨ ᠰᠤᠷᠲᠠᠯ ᠤᠨ ᠪᠠᠢ᠌ᠭᠤᠯᠤᠯᠲ ᠶᠢ ᠴᠢᠩ᠋ᠭᠠᠳᠬᠠᠬᠤ ᠲᠤᠬᠠᠢ
Creator ᠠᠮᠢᠨ
Keyword ᠳᠡᠭᠡᠳᠦ ᠰᠤᠷᠭᠠᠭᠤᠯᠢ; ᠨᠠᠮ ᠤᠨ ᠰᠤᠷᠲᠠᠯ; ᠪᠠᠢ᠌ᠭᠤᠯᠤᠯᠲᠠ
Abstract ᠨᠠᠮ ᠤᠨ ᠰᠤᠷᠲᠠᠯ ᠤᠨ ᠪᠠᠢ᠌ᠭᠤᠯᠤᠯᠲᠠ  ᠪᠤᠯ ᠨᠠᠮ ᠤᠨ ᠪᠠᠢ᠌ᠭᠤᠯᠤᠯᠲᠠ ᠶᠢᠨ ᠴᠢᠬᠤᠯᠠ ᠪᠦᠷᠢᠯᠳᠦᠭᠦᠨ ᠮᠦᠨ᠃ ᠳᠡᠭᠡᠳᠦ ᠵᠡᠷᠭᠡ ᠶᠢᠨ ᠰᠤᠷᠭᠠᠨ ᠬᠦᠮᠦᠵᠢᠯ ᠨᠢ ᠴᠢᠳᠠᠪᠤᠷᠢᠲᠠᠨ ᠢ ᠬᠦᠮᠦᠵᠢᠭᠦᠵᠦ᠂ ᠰᠢᠨᠵᠢᠯᠡᠬᠦ ᠤᠬᠠᠭᠠᠨ ᠢ ᠰᠤᠳᠤᠯᠤᠨ᠂ ᠨᠡᠢ᠌ᠭᠡᠮ ᠳᠦ ᠦᠢᠯᠡᠴᠢᠯᠡᠬᠦ ᠪᠡᠷ ᠭᠤᠤᠯ ᠡᠭᠦᠷᠭᠡ ᠪᠡᠨ ᠪᠤᠯᠭᠠᠵᠤ ᠪᠠᠢ᠌ᠳᠠᠭ ᠢᠶᠠᠷ ᠢᠶᠠᠨ ᠨᠢᠭᠡᠨᠲᠡ ᠠᠵᠤ ᠠᠬᠤᠢ᠂ ᠨᠡᠢ᠌ᠭᠡᠮ ᠦᠨ ᠬᠦᠭ᠍ᠵᠢᠯᠲᠡ ᠪᠤᠯᠤᠨ ᠦᠨᠳᠦᠰᠦᠲᠡᠨ ᠦ ᠮᠡᠨᠳᠦᠯ ᠬᠦᠭ᠍ᠵᠢᠯ ᠦᠨ ᠴᠢᠬᠤᠯᠠ ᠰᠠᠭᠤᠷᠢ ᠪᠤᠯᠤᠭᠰᠠᠨ ᠪᠠᠢ᠌ᠳᠠᠭ᠃ ᠳᠡᠭᠡᠳᠦ ᠰᠤᠷᠭᠠᠭᠤᠯᠢ ᠶᠢᠨ ᠨᠠᠮ ᠤᠨ ᠰᠤᠷᠲᠠᠯ ᠤᠨ ᠪᠠᠢ᠌ᠭᠤᠯᠤᠯᠲᠠ ᠶᠢ ᠴᠢᠩ᠋ᠭᠠᠳᠬᠠᠬᠤ ᠠᠵᠢᠯ ᠢ ᠳᠡᠭᠡᠳᠦ ᠬᠡᠮᠵᠢᠶ᠎ᠡ ᠪᠡᠷ ᠬᠦᠨᠳᠦᠳᠭᠡᠬᠦ ᠨᠢ ᠨᠠᠮ ᠤᠨ ᠦᠨᠳᠦᠰᠦᠨ ᠱᠤᠭᠤᠮ ᠪᠤᠯᠤᠨ ᠰᠤᠷᠭᠠᠨ ᠬᠦᠮᠦᠵᠢᠯ ᠦᠨ ᠴᠢᠭᠯᠡᠯᠲᠡ ᠶᠢ ᠲᠤᠭᠤᠰᠢᠯᠠᠤᠯᠤᠨ ᠨᠠᠢ᠌ᠳᠠᠪᠤᠷᠢᠵᠢᠭᠤᠯᠵᠤ᠂ ᠴᠢᠳᠠᠪᠤᠷᠢᠲᠠᠨ ᠢ ᠬᠦᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢ ᠪᠡᠶᠡᠯᠡᠭᠦᠯᠬᠦ ᠲᠡᠢ ᠰᠢᠭᠤᠳ ᠬᠤᠯᠪᠤᠭᠳᠠᠵᠤ ᠪᠠᠢ᠌ᠬᠤ ᠪᠠᠷ ᠦᠯᠦ ᠪᠠᠷᠠᠮ᠂ ᠰᠢᠨᠵᠢᠯᠡᠬᠦ ᠤᠬᠠᠭᠠᠨ ᠲᠧᠭᠨᠢᠭ᠌᠌ ᠮᠡᠷᠭᠡᠵᠢᠯ ᠦᠨ ᠳᠠᠪᠰᠢᠯᠲᠠ ᠪᠤᠯᠤᠨ ᠣᠳᠣᠬᠢᠴᠢᠯᠠᠯᠲᠠ ᠶᠢᠨ ᠪᠦᠲᠦᠬᠡᠨ ᠪᠠᠢ᠌ᠭᠤᠯᠤᠯᠲᠠ ᠲᠠᠢ ᠨᠢᠭᠲᠠ ᠬᠤᠯᠪᠤᠭᠳᠠᠵᠤ ᠪᠠᠢ᠌ᠳᠠᠭ᠃ ᠡᠢ᠌ᠮᠦ ᠡᠴᠡ ᠡᠷᠬᠡᠪᠰᠢ ᠰᠢᠨᠵᠢᠯᠡᠬᠦ ᠤᠬᠠᠭᠠᠨᠴᠢ ᠬᠦᠭ᠍ᠵᠢᠯᠲᠡ ᠶᠢᠨ ᠦᠵᠡᠯᠲᠡ ᠪᠡᠷ ᠵᠢᠯᠤᠭᠤᠳᠤᠯᠭ᠎ᠠ ᠪᠤᠯᠭᠠᠵᠤ᠂ ᠳᠡᠭᠡᠳᠦ ᠰᠤᠷᠭᠠᠭᠤᠯᠢ ᠶᠢᠨ ᠨᠠᠮ ᠤᠨ ᠰᠤᠷᠲᠠᠯ ᠤᠨ ᠪᠠᠢ᠌ᠭᠤᠯᠤᠯᠲᠠ ᠶᠢ ᠦᠨᠡᠨ ᠬᠦ ᠴᠢᠩ᠋ᠭᠠᠳᠬᠠᠵᠤ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠦᠨ ᠦᠢᠯᠡᠰ ᠦᠨ ᠰᠢᠨᠵᠢᠯᠡᠬᠦ ᠤᠬᠠᠭᠠᠨᠴᠢ ᠬᠦᠭ᠍ᠵᠢᠯᠲᠡ ᠳᠦ ᠪᠠᠲᠤ ᠪᠡᠬᠢ ᠤᠯᠤᠰ ᠲᠦᠷᠦ ᠶᠢᠨ ᠪᠠᠲᠤᠯᠠᠭ᠎ᠠ ᠪᠤᠯᠤᠨ ᠵᠤᠬᠢᠶᠠᠨ ᠪᠠᠢ᠌ᠭᠤᠯᠤᠯᠲᠠ ᠶᠢᠨ ᠪᠠᠲᠤᠯᠠᠭ᠎ᠠ ᠶᠢ ᠬᠠᠩ᠋ᠭᠠᠵᠤ ᠦᠭ᠍ᠬᠦ ᠬᠡᠷᠡᠭᠲᠡᠢ᠃
Original Literature View Original Paper
出自 蒙古学研究 2010年 第3期

联系我们


内蒙古大学图书馆
呼和浩特市大学西路235号
中国·内蒙古
P: (0471) 4992561
E: huangfeilong@imu.edu.cn