Paper Information


Title ᠤᠯᠠᠭᠠᠨᠬᠤᠳᠠ ᠠᠵᠤ ᠠᠬᠤᠢ ᠶᠢᠨ ᠨᠡᠭᠡᠭᠡᠯᠳᠡ ᠶᠢᠨ ᠲᠤᠭᠤᠷᠢᠭ ᠤᠨ ᠡᠷᠴᠢᠮᠯᠢᠭ᠌ ᠠᠰᠢᠭᠯᠠᠯᠳᠠ ᠶᠢᠨ ᠲᠤᠬᠠᠢ
Creator ᠬᠦᠰᠡᠯ
Keyword ᠡᠷᠴᠢᠮᠯᠢᠭ᠌ ᠠᠰᠢᠭᠯᠠᠯᠳᠠ; ᠤᠯᠠᠭᠠᠨᠬᠤᠳᠠ ᠠᠵᠤ ᠠᠬᠤᠢ ᠶᠢᠨ ᠨᠡᠭᠡᠭᠡᠯᠳᠡ ᠶᠢᠨ ᠲᠤᠭᠤᠷᠢᠭ
Abstract ᠨᠡᠭᠡᠭᠡᠯᠳᠡ ᠶᠢᠨ ᠲᠤᠭᠤᠷᠢᠭ ᠨᠢ ᠠᠵᠤ ᠠᠬᠤᠢ ᠶᠢᠨ ᠦᠷ᠎ᠡ ᠠᠰᠢᠭ ᠪᠡᠷ ᠶᠢᠡᠨ ᠬᠤᠳᠠ ᠶᠢᠨ ᠠᠵᠤ ᠠᠬᠤᠢ ᠶᠢᠨ ᠨᠡᠮᠡᠭᠳᠡᠯᠳᠡ ᠶᠢᠨ ᠴᠢᠭ᠌ ᠪᠤᠯᠵᠤ᠂ ᠨᠡᠢ᠌ᠭᠡᠮ ᠠᠵᠤ ᠠᠬᠤᠢ ᠶᠢᠨ ᠭᠦᠭ᠍ᠵᠢᠯᠳᠡ ᠳᠤ ᠯᠤᠳᠤ ᠶᠡᠬᠡ ᠦᠢᠯᠡᠳᠦᠯ ᠦᠵᠡᠭᠦᠯᠵᠦ ᠪᠠᠢ᠌ᠨ᠎ᠠ᠃ ᠭᠡᠪᠡᠴᠦ ᠨᠡᠭᠡᠭᠡᠯᠳᠡ ᠶᠢᠨ ᠲᠤᠭᠤᠷᠢᠭ ᠢ ᠨᠡᠭᠡᠭᠡᠨ ᠠᠰᠢᠭᠯᠠᠬᠤ ᠶᠠᠪᠤᠴᠠ ᠳᠤ ᠦᠷᠭᠡᠳᠭᠡᠬᠦ ᠶᠢ ᠬᠦᠭᠡᠭᠡᠴᠡᠯᠳᠦᠵᠦ ᠲᠠᠯᠳᠠ ᠬᠦᠴᠦᠨ ᠢ ᠠᠭᠤᠳᠠᠯᠬᠤ ᠶᠢ ᠬᠦᠩᠭᠡᠪᠴᠢᠯᠡᠬᠦ᠂ ᠬᠡᠪᠴᠢᠶ᠎ᠡ ᠶᠢ ᠦᠷᠭᠡᠳᠭᠡᠬᠦ ᠪᠠ ᠠᠰᠢᠭᠯᠠᠮᠵᠢ ᠶᠢ ᠬᠦᠭᠡᠭᠡᠴᠡᠯᠳᠦᠵᠦ᠂ ᠪᠡᠯᠡ ᠮᠦᠩᠭᠦ ᠤᠷᠤᠭᠤᠯᠬᠤ ᠶᠢ ᠬᠦᠭᠡᠭᠡᠴᠡᠯᠳᠦᠵᠦ ᠲᠦᠯᠦᠪᠵᠢᠭᠦᠯᠭᠡ ᠶᠢ ᠬᠦᠩᠭᠡᠪᠴᠢᠯᠡᠬᠦ ᠵᠡᠷᠭᠡ ᠤᠯᠠᠨ ᠠᠰᠠᠭᠤᠳᠠᠯ ᠤᠷᠤᠰᠢᠵᠤ ᠪᠠᠢ᠌ᠨ᠎ᠠ᠃ ᠨᠡᠭᠡᠭᠡᠯᠳᠡ ᠶᠢᠨ ᠲᠤᠭᠤᠷᠢᠭ ᠤᠨ ᠡᠷᠴᠢᠮᠯᠢᠭ᠌ ᠠᠰᠢᠭᠯᠠᠯᠳᠠ ᠶᠢᠨ ᠦᠨᠡᠯᠡᠯᠳᠡ ᠨᠢ ᠨᠡᠭᠡᠭᠡᠯᠳᠡ ᠶᠢᠨ ᠲᠤᠭᠤᠷᠢᠭ ᠤᠨ ᠭᠠᠵᠠᠷ ᠰᠢᠷᠤᠢ ᠶᠢᠨ ᠲᠯᠠᠳᠠ ᠬᠦᠴᠦᠨ ᠢ ᠠᠭᠤᠳᠠᠯᠬᠤ ᠶᠢ ᠠᠬᠢᠭᠤᠯᠵᠤ᠂ ᠭᠠᠵᠠᠷ ᠰᠢᠷᠤᠢ ᠶᠢᠨ ᠬᠠᠮᠢᠶᠠᠷᠤᠯᠳᠠ ᠶᠢᠨ ᠲᠦᠪᠰᠢᠨ ᠢ ᠲᠡᠭᠡᠭ᠍ᠰᠢᠯᠡᠭᠦᠯᠬᠦ ᠳᠤ ᠴᠢᠬᠤᠯᠠ ᠠᠴᠢ ᠬᠤᠯᠪᠤᠭᠳᠠᠯ ᠲᠠᠢ ᠪᠠᠢ᠌ᠳᠠᠭ᠃ ᠲᠤᠰ ᠰᠤᠳᠤᠯᠭᠠᠨ ᠳᠤ ᠦᠨᠡᠯᠡᠯᠳᠡ ᠶᠢᠨ ᠭᠦᠢᠴᠡᠳᠭᠡᠬᠦ ᠲᠤᠭᠠᠨ ᠤ ᠲᠤᠭᠳᠠᠯᠴᠠᠭ᠎ᠠ ᠪᠠᠨ 3 ᠬᠠᠷᠠᠯᠳᠠ  ᠶᠢᠨ ᠲᠠᠪᠬᠤᠷᠭ᠎ᠠ᠂ 5 ᠲᠡᠳ᠋ ᠬᠠᠷᠠᠯᠳᠠ ᠶᠢᠨ ᠲᠠᠪᠬᠤᠷᠭ᠎ᠠ᠂ 10 ᠭᠦᠢᠴᠡᠳᠭᠡᠬᠦ ᠲᠤᠭᠠᠨ ᠤ ᠲᠠᠪᠬᠤᠷᠭ᠎ᠠ ᠪᠡᠷ ᠪᠠᠢ᠌ᠭᠤᠯᠵᠤ᠂ ᠨᠡᠭᠡᠭᠡᠯᠳᠡ ᠶᠢᠨ ᠲᠤᠭᠤᠷᠢᠭ ᠤᠨ ᠡᠷᠴᠢᠮᠯᠢᠭ᠌ ᠠᠰᠢᠭᠯᠠᠯᠳᠠ ᠶᠢᠨ ᠬᠡᠮᠵᠢᠶ᠎ᠡ ᠶᠢ ᠪᠤᠳᠤᠵᠤ ᠭᠠᠷᠭᠠᠵᠠᠢ᠃
Original Literature View Original Paper
出自 赤峰学院学报(蒙文哲学社会科学版) 2015年 第6期

联系我们


内蒙古大学图书馆
呼和浩特市大学西路235号
中国·内蒙古
P: (0471) 4992561
E: huangfeilong@imu.edu.cn