Paper Information


Title ᠪᠡᠶ᠎ᠡ ᠲᠠᠮᠢᠷ ᠤᠨ ᠰᠤᠶᠤᠯ ᠤᠨ ᠤᠶᠤᠨ ᠬᠦᠴᠦᠨ ᠦ ᠪᠦᠲᠦᠬᠡᠨ ᠪᠠᠢ᠌ᠭᠤᠯᠤᠯᠲᠠ ᠶᠢᠨ ᠰᠤᠷᠭᠠᠨ ᠬᠦᠮᠦᠵᠢᠯ ᠦᠨ ᠦᠷᠲᠡᠭ ᠪᠡ ᠬᠡᠷᠡᠭᠵᠢᠭᠦᠯᠬᠦ ᠠᠷᠭ᠎ᠠ ᠵᠠᠮ
Creator ᠳᠠᠰᠢᠰᠦ᠋ᠷᠦᠩ
Keyword ᠮᠦᠰᠦ ᠴᠠᠰᠤᠨ ᠤ ᠪᠡᠶ᠎ᠡ ᠲᠠᠮᠢᠷ ᠤᠨ ᠰᠤᠶᠤᠯ; ᠤᠶᠤᠨ ᠬᠦᠴᠦᠨ; ᠰᠤᠷᠭᠠᠨ ᠬᠦᠮᠦᠵᠢᠯ
Abstract ᠮᠦᠰᠦ ᠴᠠᠰᠤᠨ ᠤ ᠪᠡᠶ᠎ᠡ ᠲᠠᠮᠢᠷ ᠤᠨ ᠰᠤᠶᠤᠯ ᠤᠨ ᠤᠶᠤᠨ ᠬᠦᠴᠦᠨ ᠦ ᠪᠦᠲᠦᠬᠡᠨ ᠪᠠᠢ᠌ᠭᠤᠯᠤᠯᠲᠠ ᠨᠢ ᠤᠮᠠᠷᠠᠲᠤ ᠣᠷᠤᠨ ᠤ ᠶᠡᠬᠡ ᠰᠤᠷᠭᠠᠭᠤᠯᠢ ᠶᠢᠨ ᠮᠦᠰᠦ ᠴᠠᠰᠤᠨ ᠤ ᠪᠡᠶ᠎ᠡ ᠲᠠᠮᠢᠷ ᠤᠨ ᠦᠳᠳᠡᠷ ᠲᠦᠷᠭᠡᠨ ᠬᠦᠭ᠍ᠵᠢᠯᠲᠡ ᠵᠢᠴᠢ ᠤᠮᠠᠷᠠᠲᠤ ᠣᠷᠤᠨ ᠤ ᠶᠡᠬᠡ ᠰᠤᠷᠭᠠᠭᠤᠯᠢ ᠶᠢᠨ ᠤᠶᠤᠲᠠᠳ ᠤᠨ ᠶᠡᠷᠦᠩᠬᠡᠢ ᠬᠡᠪ ᠴᠢᠨᠠᠷ ᠢ ᠳᠡᠭᠡᠭ᠍ᠰᠯᠡᠭᠦᠯᠬᠦ ᠳᠦ ᠴᠢᠬᠤᠯᠠ ᠠᠴᠢ ᠬᠤᠯᠪᠤᠭᠳᠠᠯ ᠲᠠᠢ ᠶᠤᠮ᠃ ᠮᠦᠰᠦ ᠴᠠᠰᠤᠨ ᠤ ᠪᠡᠶ᠎ᠡ ᠲᠠᠮᠢᠷ ᠤᠨ ᠰᠤᠶᠤᠯ ᠤᠨ ᠤᠶᠤᠨ ᠬᠦᠴᠦᠨ ᠦ ᠪᠦᠲᠦᠬᠡᠨ ᠪᠠᠢ᠌ᠭᠤᠯᠤᠯᠲᠠ ᠨᠢ ᠰᠤᠷᠤᠭᠴᠢᠳ ᠤᠨ ᠪᠡᠶ᠎ᠡ ᠰᠡᠳᠬᠢᠯ ᠦᠨ ᠪᠦᠬᠦ ᠲᠠᠯ᠎ᠠ ᠪᠠᠷ ᠡᠷᠡᠭᠦᠯ ᠢᠶᠡᠷ ᠬᠦᠭ᠍ᠵᠢᠬᠦ᠂ ᠰᠤᠷᠤᠭᠴᠢᠳ ᠤᠨ ᠨᠠᠰᠤᠨ ᠲᠤᠷᠰᠢᠲᠠ ᠶᠢᠨ ᠪᠡᠶ᠎ᠡ ᠲᠠᠮᠢᠷ ᠤᠨ ᠦᠵᠡᠯ ᠤᠬᠠᠮᠰᠠᠷ ᠪᠠ ᠳᠠᠳᠬᠠᠯ ᠢ ᠬᠦᠮᠦᠵᠢᠭᠦᠯᠬᠦ᠂ ᠰᠤᠷᠤᠭᠴᠢᠳ ᠤᠨ ᠨᠡᠢ᠌ᠭᠡᠮ ᠲᠡᠢ ᠵᠤᠬᠢᠴᠠᠬᠤ ᠱᠠᠭᠠᠷᠳᠠᠯᠭ᠎ᠠ ᠶᠢᠨ ᠶᠡᠷᠦᠩᠬᠡᠢ ᠬᠡᠪ ᠴᠢᠨᠠᠷ ᠵᠡᠷᠭᠡ ᠰᠤᠷᠭᠠᠨ ᠬᠦᠮᠦᠵᠢᠯ ᠦᠨ ᠦᠷᠲᠡᠭ ᠢ ᠵᠢᠭᠠᠨ ᠭᠠᠷᠭᠠᠵᠠᠢ᠃ ᠵᠤᠬᠢᠶᠠᠯ ᠳᠤ᠂ ᠦᠵᠡᠯᠲᠡ ᠪᠡᠨ ᠬᠤᠪᠢᠷᠠᠭᠤᠯᠵᠤ᠂ ᠨᠠᠰᠤᠨ ᠲᠤᠷᠰᠢᠬᠢ ᠪᠡᠶ᠎ᠡ ᠲᠠᠮᠢᠷ ᠤᠨ ᠦᠵᠡᠯ ᠤᠬᠠᠮᠰᠠᠷ ᠢ ᠪᠤᠢ ᠪᠤᠯᠭᠠᠬᠤ᠂ ᠮᠦᠰᠦ ᠴᠠᠰᠤᠨ ᠤ ᠪᠡᠶ᠎ᠡ ᠲᠠᠮᠢᠷ ᠤᠨ ᠰᠤᠶᠤᠯ ᠤᠨ ᠣᠷᠴᠢᠨ ᠢ ᠪᠦᠷᠢᠯᠳᠦᠭᠦᠯᠦᠨ ᠪᠠᠢ᠋ᠭᠤᠯᠬᠤ᠂ ᠣᠯᠠᠨ ᠠᠷᠭ᠎ᠠ ᠵᠠᠮ ᠢᠶᠠᠷ ᠤᠶᠤᠲᠠᠳ ᠤᠨ ᠬᠦᠮᠦᠨ ᠰᠤᠶᠤᠯ ᠤᠨ ᠨᠡᠢ᠌ᠭᠡᠮᠴᠢᠯᠡᠯᠲᠡ ᠶᠢ ᠪᠦᠬᠦ ᠲᠠᠯ᠎ᠠ ᠪᠠᠷ ᠬᠦᠭ᠍ᠵᠢᠭᠦᠯᠬᠦ ᠵᠡᠷᠭᠡ ᠮᠦᠰᠦ ᠴᠠᠰᠤᠨ ᠤ ᠪᠡᠶ᠎ᠡ ᠲᠠᠮᠢᠷ ᠤᠨ ᠰᠤᠶᠤᠯ ᠤᠨ ᠡᠶᠡᠯᠰᠡᠭ ᠬᠦᠴᠦᠨ ᠦ ᠪᠦᠲᠦᠬᠡᠨ ᠪᠠᠢ᠌ᠭᠤᠯᠤᠯᠲᠠ ᠶᠢᠨ ᠬᠡᠷᠡᠭᠵᠢᠭᠦᠯᠬᠦ ᠠᠷᠭ᠎ᠠ ᠵᠠᠮ ᠢ ᠳᠤᠷᠠᠳᠴᠤ᠂ ᠤᠮᠠᠷᠠᠲᠤ ᠣᠷᠤᠨ ᠤ ᠶᠡᠬᠡ ᠰᠤᠷᠭᠠᠭᠤᠯᠢ ᠶᠢᠨ ᠬᠦᠷᠢᠶᠡᠨ ᠦ ᠪᠤᠯᠪᠠᠰᠤᠨ ᠤ ᠪᠦᠲᠦᠬᠡᠨ ᠪᠠᠢ᠌ᠭᠤᠯᠤᠯᠲᠠ ᠪᠠ ᠶᠡᠬᠡ ᠳᠡᠭᠡᠳᠦ ᠰᠤᠷᠭᠠᠭᠤᠯᠢ ᠶᠢᠨ ᠤᠶᠤᠲᠠᠳ ᠤᠨ ᠪᠡᠶ᠎ᠡ ᠰᠡᠳᠬᠢᠯ ᠦᠨ ᠪᠦᠬᠦ ᠲᠠ᠎ᠠ ᠪᠠᠷ ᠡᠷᠡᠭᠦᠯ ᠢᠶᠡᠷ ᠬᠦᠭ᠍ᠵᠢᠬᠦ ᠵᠢᠴᠢ ᠪᠦᠬᠦ ᠨᠡᠢ᠌ᠭᠡᠮ ᠦᠨ ᠬᠦᠭ᠍ᠵᠢᠯᠲᠡ ᠳᠠᠪᠰᠢᠯᠲᠠ ᠶᠢ ᠠᠭᠢᠭᠤᠯᠬᠤ ᠲᠤᠬᠠᠢ ᠳᠤᠷᠠᠳᠪᠠ᠃
Original Literature View Original Paper
出自 内蒙古民族大学学报(自然科学) 2014年 第1期

联系我们


内蒙古大学图书馆
呼和浩特市大学西路235号
中国·内蒙古
P: (0471) 4992561
E: huangfeilong@imu.edu.cn