Paper Information


Title ᠲᠣᠷᠰᠢᠯᠲᠠ ᠵᠢᠨ ᠵᠢᠭᠠᠨ ᠰᠤᠷᠭᠠᠯᠲᠠ ᠪᠡᠨ ᠴᠢᠩᠭ᠋ᠠᠳᠭᠠᠵᠤ᠂ ᠬᠢᠮᠢ ᠵᠢᠨ ᠬᠢᠴᠢᠶᠡᠯ ᠤᠨ ᠦᠭᠡᠷᠡᠴᠢᠯᠡᠯᠲᠡ ᠵᠢ ᠠᠬᠢᠭᠤᠯᠬᠤ ᠲᠣᠬᠠᠢ
Creator ᠲᠡᠭᠰᠢᠪᠠᠶᠠᠷ
Keyword ᠬᠢᠮᠢ ᠵᠢᠨ ᠬᠢᠴᠢᠶᠡᠯ; ᠲᠣᠷᠰᠢᠯᠲᠠ; ᠦᠭᠡᠷᠡᠴᠢᠯᠡᠯᠲᠡ
Abstract ᠲᠣᠷᠰᠢᠯᠲᠠ ᠵᠢᠨ ᠵᠢᠭᠠᠨ ᠰᠤᠷᠭᠠᠯᠲᠠ ᠵᠢ ᠴᠢᠩᠭ᠋ᠠᠳᠭᠠᠵᠤ᠂ ᠬᠢᠮᠢ ᠵᠢᠨ ᠬᠢᠴᠢᠶᠡᠯ ᠤᠨ ᠦᠭᠡᠷᠡᠴᠢᠯᠡᠯᠲᠡ ᠵᠢ ᠠᠬᠢᠭᠤᠯᠬᠤ ᠵᠢᠨ ᠲᠦᠯᠦᠭᠡ᠂ ᠵᠣᠬᠢᠶᠠᠯ ᠳᠤ ᠰᠢᠨᠵᠢᠯᠡᠬᠦ ᠴᠢᠨᠠᠷ ᠲᠠᠢ ᠲᠣᠷᠰᠢᠯᠲᠠ ᠪᠡᠷ ᠰᠢᠪᠲᠤᠯᠤᠯᠲᠠ ᠪᠣᠯᠭᠠᠵᠤ᠂ ᠨᠠᠰᠤᠨ ᠲᠣᠷᠰᠢᠲᠠ ᠵᠢᠨ ᠰᠤᠷᠤᠯᠴᠠᠬᠤ ᠴᠢᠳᠠᠪᠤᠷᠢ ᠵᠢ ᠬᠦᠮᠦᠵᠢᠭᠦᠯᠬᠦ; ᠣᠯᠠᠨ ᠬᠡᠯᠪᠡᠷᠢ ᠵᠢᠨ ᠲᠣᠷᠰᠢᠯᠲᠠ ᠪᠡᠷ ᠦᠷᠭᠡᠳᠭᠡᠬᠦ ᠲᠠᠯ ᠠ ᠪᠣᠯᠭᠠᠵᠤ᠂ ᠬᠢᠮᠢ ᠰᠤᠷᠤᠯᠴᠠᠬᠤ ᠵᠢᠨ ᠬᠦᠳᠡᠯᠭᠡᠭ᠍ᠴᠢ ᠬᠦᠴᠦᠨ ᠢ ᠰᠡᠷᠡᠵᠦ ᠮᠡᠳᠡᠬᠦ; ᠪᠠᠭ᠋ ᠠ ᠬᠡᠯᠪᠡᠷᠢ ᠵᠢᠨ ᠲᠣᠷᠰᠢᠯᠲᠠ ᠪᠡᠷ ᠲᠣᠷᠰᠢᠬᠤ ᠴᠡᠭ ᠪᠣᠯᠭᠠᠵᠤ᠂ ᠪᠣᠬᠢᠷᠳᠤᠯ ᠦᠭᠡᠢ ᠬᠢᠮᠢ ᠵᠢᠨ ᠰᠣᠨᠢᠷᠬᠠᠯ ᠢ ᠤᠬᠠᠬᠤ ᠵᠡᠷᠭᠡ ᠠᠷᠭ᠋ ᠠ ᠪᠠᠷᠢᠯ ᠢ ᠬᠡᠷᠡᠭᠯᠡᠬᠦ ᠪᠡᠷ ᠳᠠᠮᠵᠢᠵᠤ᠂ ᠰᠤᠷᠤᠭᠴᠢᠳ ᠤᠨ ᠬᠢᠮᠢ ᠰᠤᠷᠤᠯᠴᠠᠬᠤ ᠤᠷᠮ ᠠ ᠪᠠᠬ ᠠ ᠵᠢ ᠳᠡᠭᠡᠭ᠍ᠰᠢᠯᠡᠭᠦᠯᠵᠦ᠂ ᠪᠠᠶᠠᠰᠤᠩᠭ᠋ᠤᠢ ᠣᠪᠤᠷ ᠵᠢᠡᠷ ᠢᠳᠡᠪᠬᠢᠲᠡᠢ ᠰᠤᠷᠤᠯᠴᠠᠭᠤᠯᠬᠤ᠂ ᠰᠢᠨ᠌ ᠡ ᠵᠢ ᠡᠭᠦᠳᠬᠦ ᠵᠣᠷᠢᠭ ᠰᠠᠨᠠᠭ᠋ ᠠ ᠪᠠᠳᠤᠳᠭᠠᠵᠤ᠂ ᠦᠪᠡᠷ ᠵᠢᠡᠨ ᠬᠢᠵᠦ ᠣᠷᠤᠯᠳᠤᠨ ᠪᠡᠶ ᠡ ᠪᠡᠨ ᠳᠠᠭᠠᠭᠠᠵᠤ ᠮᠡᠳᠡᠯᠭᠡ ᠪᠠ ᠮᠡᠷᠭᠡᠵᠢᠯ ᠢ ᠬᠤᠷᠠᠮᠳᠤᠭᠤᠯᠬᠤ ᠴᠢᠳᠠᠪᠤᠷᠢ ᠵᠢ ᠬᠦᠮᠦᠵᠢᠭᠦᠯᠵᠦ᠂ ᠲᠣᠷᠰᠢᠯᠲᠠ ᠵᠢᠨ ᠦᠵᠡᠭᠳᠡᠯ ᠢ ᠠᠵᠢᠭᠯᠠᠵᠤ ᠰᠢᠨᠵᠢᠯᠡᠬᠦ ᠴᠢᠳᠠᠪᠤᠷᠢ ᠵᠢ ᠪᠣᠯᠪᠠᠰᠤᠷᠠᠭᠤᠯᠵᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭ᠍ᠰᠢᠯᠡᠬᠦᠯᠬᠦ ᠵᠢ ᠵᠣᠷᠢᠪᠠ᠃
Original Literature View Original Paper
出自 内蒙古民族大学学报(自然科学) 2006年 第2期

联系我们


内蒙古大学图书馆
呼和浩特市大学西路235号
中国·内蒙古
P: (0471) 4992561
E: huangfeilong@imu.edu.cn