Title |
ᠪᠡᠶ᠎ᠡ ᠲᠠᠮᠢᠷ ᠤᠨ ᠲᠡᠭᠡᠳᠤ ᠰᠤᠷᠭᠠᠭᠤᠯᠢ ᠶᠢᠨ ᠮᠤᠩᠭ᠋ᠤᠯ ᠰᠤᠷᠤᠭᠴᠢᠳ ᠤᠨ ᠰᠠᠭᠤᠷᠢ ᠤᠨᠤᠯ ᠤᠨ ᠬᠢᠴᠢᠶᠠᠯ ᠤᠨ ᠵᠢᠭᠠᠨ ᠰᠤᠷᠭᠠᠯᠳᠠ ᠲᠤᠮᠳᠠ ᠤᠷᠤᠰᠢᠵᠦ ᠪᠠᠢᠭ᠎ᠠ ᠠᠰᠠᠭᠤᠳᠠᠯ ᠤᠨ ᠲᠤᠬᠠᠢ ᠦᠬᠦᠯᠡᠬᠦ ᠨᠢ |
Creator |
ᠭᠦᠢ ᠯᠡᠠ |
Keyword |
ᠮᠤᠩᠭ᠋ᠤᠯ ᠰᠤᠷᠤᠭᠴᠢᠳ; ᠰᠠᠭᠤᠷᠢ ᠤᠨᠤᠯ ᠤᠨ ᠬᠢᠴᠢᠶᠠᠯ; ᠵᠢᠭᠠᠨ ᠰᠤᠷᠭᠠᠯᠳᠠ; ᠤᠷᠤᠰᠢᠵᠦ ᠪᠠᠠᠢᠭᠠ ᠠᠰᠠᠭᠤᠳᠠᠯ |
Abstract |
ᠪᠡᠶ᠎ᠡ ᠲᠠᠮᠢᠷ ᠤᠨ ᠲᠤᠰᠬᠠᠢ ᠮᠡᠷᠭᠡᠵᠢᠯ ᠤᠨ ᠰᠤᠷᠤᠭᠴᠢᠳ ᠲᠤ ᠠᠪᠴᠦ ᠬᠡᠯᠡᠪᠡᠯ᠂ ᠬᠦᠳᠡᠯᠭᠡᠭᠡᠨ ᠤ ᠠᠨᠠᠲ᠋ᠤᠮᠢ᠂ ᠬᠦᠳᠡᠯᠭᠡᠭᠡᠨ ᠤ ᠹᠢᠽᠢᠤᠯᠤᠭᠢ᠂ ᠬᠦᠳᠡᠯᠭᠡᠭᠡᠨ ᠤ ᠠᠮᠢᠳᠤ ᠪᠤᠳᠠᠰ ᠤᠨ ᠬᠢᠮᠢ᠂ ᠬᠦᠳᠡᠯᠭᠡᠭᠡᠨ ᠤ ᠬᠦᠴᠦᠨ ᠤᠬᠠᠭᠠᠨ ᠵᠠᠷᠭᠡ ᠰᠠᠭᠤᠷᠢ ᠤᠨᠤᠯ ᠤᠨ ᠬᠢᠴᠢᠶᠠᠯ ᠤᠳ ᠨᠢ᠂ ᠲᠡᠳᠡᠭᠡᠷ ᠤᠨ ᠬᠦᠳᠡᠯᠭᠡᠭᠡᠨ ᠤ ᠮᠡᠷᠭᠡᠵᠢᠯ ᠢ ᠰᠠᠢᠨ ᠡᠵᠡᠮᠰᠢᠬᠦ᠂ ᠬᠦᠳᠡᠯᠭᠡᠭᠡᠨ ᠤ ᠲᠤᠮᠳᠠᠬᠢ ᠰᠢᠷᠬ᠎ᠠ ᠬᠡᠮᠳᠤᠯ ᠢ ᠰᠡᠷᠬᠡᠢᠯᠡᠬᠦ ᠵᠠᠷᠭᠡ ᠳᠤ ᠱᠠᠭᠠᠷᠳᠠᠭᠳᠠᠬᠤ ᠴᠢᠬᠤᠯᠠ ᠬᠢᠴᠢᠶᠠᠯ ᠲᠦᠷᠦᠯ ᠪᠤᠯᠤᠨ᠎ᠠ᠃ ᠬᠡᠳᠡᠯ᠎ᠡ ᠤᠳᠤ ᠶᠢᠨ ᠪᠡᠶ᠎ᠡ ᠲᠠᠮᠢᠷ ᠤᠨ ᠲᠤᠰᠬᠠᠢ ᠮᠡᠷᠭᠡᠵᠢᠯ ᠤᠨ ᠰᠤᠷᠤᠭᠴᠢᠳ ᠤᠨ ᠲᠤᠮᠳᠠ ᠬᠦᠳᠡᠯᠤᠯ ᠤᠨ ᠮᠡᠷᠭᠡᠵᠢᠯ ᠤᠨ ᠰᠤᠷᠤᠯᠴᠠᠯᠭ᠎ᠠ ᠵᠢ ᠯᠡ ᠴᠢᠬᠤᠯᠠᠴᠢᠯᠡᠵᠦ᠂ ᠰᠠᠭᠤᠷᠢ ᠤᠨᠤᠯ ᠤᠨ ᠬᠢᠴᠢᠶᠠᠯ ᠢ ᠬᠦᠩᠭᠡᠪᠴᠢᠯᠡᠬᠦ ᠦᠵᠡᠬᠦ ᠦᠵᠡᠭᠳᠡᠯ ᠤᠷᠤᠰᠢᠵᠦ ᠪᠤᠢ᠃ ᠤᠨᠴᠠᠭᠠᠢᠯᠠᠨ ᠪᠡᠶ᠎ᠡ ᠲᠠᠮᠢᠷ ᠤᠨ ᠲᠤᠰᠬᠠᠢ ᠮᠡᠷᠭᠡᠵᠢᠯ ᠤᠨ ᠮᠤᠩᠭ᠋ᠤᠯ ᠰᠤᠷᠤᠭᠴᠢᠳ ᠨᠢ ᠵᠢᠭᠠᠨ ᠰᠤᠷᠭᠠᠭᠬᠤ ᠦᠭᠡ ᠬᠡᠯᠡᠨ ᠤ ᠨᠦᠯᠦᠭᠡ ᠪᠠ ᠮᠤᠩ᠋ᠭᠤᠯ ᠵᠢᠭᠠᠭᠤ ᠮᠠᠲ᠋ᠸᠷᠢᠶᠠᠯ ᠤᠨ ᠬᠦᠢᠴᠡᠣᠡ ᠪᠤᠰᠤ ᠵᠠᠷᠭᠡ ᠰᠢᠯᠳᠠᠭᠠᠨ ᠡᠴᠨ ᠪᠤᠯᠵᠦ᠂ ᠰᠠᠭᠤᠷᠢ ᠤᠨᠤᠯ ᠤᠨ ᠬᠢᠴᠢᠶᠠᠯ ᠲᠦᠷᠦᠯ ᠢ ᠰᠤᠷᠤᠯᠴᠠᠬᠤ ᠲᠤᠷ᠎ᠠ ᠪᠠᠬ᠎ᠠ ᠪᠠᠷ ᠠᠨᠠᠢ ᠦᠵᠡᠭᠳᠡᠯ ᠨᠡᠢ᠋ᠳᠠᠮ ᠳᠤ ᠪᠠᠨ ᠤᠷᠤᠰᠢᠵᠦ ᠪᠠᠠᠢᠨᠠ᠃ ᠵᠤᠬᠢᠶᠠᠯ ᠳᠤ ᠪᠡᠶ᠎ᠡ ᠲᠠᠮᠢᠷ ᠤᠨ ᠲᠤᠰᠬᠠᠢ ᠮᠡᠷᠭᠡᠵᠢᠯ ᠤᠨ ᠮᠤᠩᠭ᠋ᠤᠯ ᠰᠤᠷᠤᠭᠴᠢᠳ ᠤᠨ ᠰᠠᠭᠤᠷᠢ ᠤᠨᠤᠯ ᠤᠨ ᠬᠢᠴᠢᠶᠠᠯ ᠤᠨ ᠰᠤᠷᠤᠯᠴᠠᠯᠭ᠎ᠠ ᠲᠤᠮᠳᠠ ᠤᠷᠤᠰᠢᠵᠦ ᠪᠠᠠᠢᠭᠠ ᠠᠰᠠᠭᠤᠳᠠᠯ ᠢ ᠵᠠᠳᠠᠯᠬᠤ ᠶᠢᠨ ᠬᠠᠮᠳᠤ᠂ ᠡᠳᠡᠭᠡᠷ ᠠᠰᠠᠭᠤᠳᠠᠯ ᠢ ᠰᠢᠳᠪᠤᠷᠢᠯᠡᠬᠦ ᠲᠤᠬᠠᠢ ᠦᠵᠡᠯᠳᠡ ᠪᠠ ᠠᠷᠭ᠎ᠠ ᠠᠪᠴᠠᠯ ᠢ ᠲᠤᠷᠠᠳᠴᠤ᠂ ᠬᠤᠢᠰᠢᠳᠡ ᠶᠢᠨ ᠮᠤᠩᠭ᠋ᠤᠯ ᠰᠤᠷᠤᠭᠴᠢᠳ ᠤᠨ ᠲᠤᠰ ᠬᠢᠴᠢᠶᠠᠯ ᠲᠦᠷᠯ ᠤᠳ ᠤᠨ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠵᠢ ᠲᠡᠭᠡᠭ᠍ᠰᠢᠯᠡᠬᠦᠯᠬᠦ ᠳᠤ ᠲᠤᠰᠠᠯᠠᠮᠵᠢ ᠦᠵᠡᠬᠦᠯᠬᠦ ᠵᠢ ᠵᠤᠷᠢᠭᠰᠠᠨ ᠪᠠᠠᠢᠨᠠ᠃ |
Original Literature |
View Original Paper
|
出自 |
内蒙古民族大学学报(自然科学)
2014年
第2期
|