Paper Information


Title ᠬᠢᠲᠠᠳ ᠡᠮ ᠦᠨ ᠪᠠᠷᠢᠮᠵᠢᠶᠠᠯᠠᠯᠲᠠ ᠶᠢᠨ ᠰᠤᠳᠤᠯᠭᠠᠨ ᠤ ᠲᠤᠢ᠌ᠮᠤ
Creator ᠪᠤᠤ ᠬᠦᠬᠡᠮᠦ᠋ᠴᠢᠷ; ᠯᠢ ᠶᠢᠩ ᠬᠤᠤ
Keyword ᠬᠢᠲᠠᠳ ᠡᠮ; ᠬᠢᠲᠠᠳ ᠡᠮ ᠦᠨ ᠪᠠᠷᠢᠮᠵᠢᠶᠠᠯᠠᠯᠲᠠ; ᠰᠤᠳᠤᠯᠭᠠᠨ ᠤ ᠣᠳᠣᠬᠢ ᠪᠠᠢ᠌ᠳᠠᠯ
Abstract ᠬᠢᠲᠠᠳ ᠡᠮ ᠦᠨ ᠪᠠᠷᠢᠮᠵᠢᠶᠠᠯᠠᠯᠲᠠ ᠪᠤᠯ ᠬᠢᠲᠠᠳ ᠡᠮ ᠦᠨ ᠣᠳᠣᠬᠢᠴᠢᠯᠠᠯᠲᠠ᠂ ᠳᠡᠯᠬᠡᠢ᠌ᠴᠢᠯᠡᠯᠲᠡ ᠶᠢ ᠪᠡᠶᠡᠯᠡᠭᠦᠯᠬᠦ ᠦᠨᠳᠦᠰᠦᠨ ᠨᠦᠬᠦᠴᠡᠯ ᠮᠦᠨ᠃ ᠡᠢ᠌ᠮᠦ ᠡᠴᠡ᠂ ᠤᠯᠤᠰ ᠠᠴᠠ ᠡᠮ ᠦᠨ ᠵᠤᠢ᠌ᠯ ᠢ ᠬᠠᠮᠢᠶᠠᠷᠬᠤ ᠬᠠᠤᠯᠢ ᠳᠦᠷᠢᠮ ᠢ ᠲᠤᠭᠲᠠᠭᠠᠨ᠂ ᠡᠮ ᠦᠨ ᠪᠠᠷᠢᠮᠵᠢᠶ᠎ᠠ ᠲᠤᠯᠢ ᠶᠢ ᠨᠠᠢ᠌ᠷᠠᠭᠤᠯᠵᠤ᠂ ᠬᠢᠲᠠᠳ ᠡᠮ ᠦᠨ ᠪᠠᠷᠢᠮᠵᠢᠶᠠᠯᠠᠯᠲᠠ ᠶᠢᠨ ᠠᠵᠢᠯ ᠢ ᠨᠢᠭᠡᠲᠦᠯᠲᠡᠢ ᠵᠢᠯᠤᠭᠤᠳᠬᠤ ᠪᠤᠯᠤᠭᠰᠠᠨ ᠪᠠᠢ᠌ᠨ᠎ᠠ᠃ ᠬᠢᠲᠠᠳ ᠡᠮ ᠦᠨ ᠤᠬᠠᠭᠠᠨᠲᠠᠨ᠂ ᠡᠮ ᠦᠨ ᠮᠡᠷᠭᠡᠵᠢᠯᠲᠡᠨ ᠨᠠᠷ ᠠᠴᠠ ᠬᠢᠲᠠᠳ ᠡᠮ ᠦᠨ ᠪᠠᠷᠢᠮᠵᠢᠶᠠᠯᠠᠯᠲᠠ ᠶᠢᠨ ᠲᠤᠬᠠᠢ ᠰᠤᠳᠤᠯᠭᠠᠨ ᠢᠶᠠᠨ ᠠᠯᠢ ᠬᠡᠳᠦᠢ᠌ᠨ ᠡᠴᠡ ᠦᠷᠨᠢᠭᠦᠯᠵᠦ᠂ ᠣᠯᠠᠨ ᠵᠤᠢ᠌ᠯ ᠤᠨ ᠰᠢᠨ᠎ᠡ ᠠᠷᠭ᠎ᠠ᠂ ᠰᠢᠨ᠎ᠡ ᠮᠡᠷᠭᠡᠵᠢᠯ ᠢᠶᠡᠷ ᠲᠤᠷᠰᠢᠨ ᠰᠤᠳᠤᠯᠭᠠᠨ ᠬᠢᠵᠦ᠂ ᠬᠢᠲᠠᠳ ᠡᠮ ᠦᠨ ᠮᠠᠲ᠋ᠧᠷᠢᠶᠠᠯ᠂ ᠭᠡᠷᠴᠢᠮᠡᠯ ᠢ ᠪᠤᠯᠪᠠᠰᠤᠷᠠᠭᠤᠯᠬᠤ᠂ ᠪᠡᠯᠡᠨ ᠡᠮ ᠦᠢᠯᠡᠳᠪᠦᠷᠢᠯᠡᠬᠦ ᠠᠵᠢᠯ ᠤᠨ ᠡᠯ᠎ᠡ ᠶᠠᠪᠤᠴᠠ ᠶᠢ ᠪᠠᠷᠢᠮᠵᠢᠶᠠᠯᠠᠨ ᠳᠦᠷᠢᠮᠵᠢᠭᠦᠯᠵᠦ ᠪᠠᠢ᠌ᠨ᠎ᠠ᠃ ᠵᠤᠬᠢᠶᠠᠯ ᠳᠤ᠂ ᠮᠠᠨ ᠤ ᠤᠯᠤᠰ ᠤᠨ ᠬᠢᠲᠠᠳ ᠡᠮ ᠦᠨ ᠦᠢᠯᠡᠰ ᠵᠢᠴᠢ ᠳᠡᠯᠡᠬᠡᠢ ᠶᠢᠨ ᠬᠢᠲᠠᠳ ᠡᠮ ᠦᠨ ᠵᠠᠬ᠎ᠠ ᠳᠡᠯᠭᠡᠭᠦᠷ ᠦᠨ ᠬᠦᠭ᠍ᠵᠢᠯᠲᠡ ᠶᠢᠨ ᠪᠠᠢ᠌ᠳᠠᠯ᠂ ᠮᠠᠨ ᠤ ᠤᠯᠤᠰ ᠤᠨ ᠬᠢᠲᠠᠳ ᠡᠮ ᠦᠨ ᠪᠠᠷᠢᠮᠵᠢᠶᠠᠯᠠᠯᠲᠠ ᠳᠤ ᠣᠷᠤᠰᠢᠵᠤ ᠪᠠᠢ᠌ᠭ᠎ᠠ ᠠᠰᠠᠭᠤᠳᠠᠯ ᠤᠳ ᠢ ᠳᠤᠷᠠᠳᠤᠨ᠂ ᠬᠢᠲᠠᠳ ᠡᠮ ᠢ ᠪᠠᠷᠢᠮᠵᠢᠶᠠᠯᠠᠨ ᠰᠤᠳᠤᠯᠬᠤ ᠪᠠ ᠳᠦᠷᠢᠮᠵᠢᠭᠦᠯᠦᠨ ᠦᠢᠯᠡᠳᠪᠦᠷᠢᠯᠡᠬᠦ ᠠᠴᠢ ᠬᠤᠯᠪᠤᠭᠳᠠᠯ ᠢ ᠦᠭᠦᠯᠡᠭᠡᠳ᠂ ᠰᠢᠨᠵᠢᠯᠡᠬᠦ ᠤᠬᠠᠭᠠᠨ ᠮᠡᠷᠭᠡᠵᠢᠯ ᠳᠦ ᠲᠦᠰᠢᠭᠯᠡᠨ᠂ ᠰᠢᠨ᠎ᠡ ᠤᠷᠠᠯᠠᠯ᠂ ᠰᠢᠨ᠎ᠡ ᠮᠡᠷᠭᠡᠵᠢᠯ ᠦᠨ ᠬᠡᠷᠡᠭᠯᠡᠭᠡᠨ ᠦ ᠰᠤᠳᠤᠯᠭᠠᠨ ᠢ ᠲᠦᠷᠭᠡᠳᠭᠡᠵᠦ᠂ ᠳᠡᠭᠡᠳᠦ ᠰᠢᠨ᠎ᠡ ᠮᠡᠷᠭᠡᠵᠢᠯ ᠢ ᠬᠡᠷᠡᠭᠯᠡᠨ᠂ ᠬᠢᠲᠠᠳ ᠡᠮ ᠦᠨ ᠦᠢᠯᠡᠳᠭᠦᠨ ᠦ ᠵᠠᠬ᠎ᠠ ᠳᠡᠯᠭᠡᠭᠦᠷ ᠦᠨ ᠦᠷᠢᠰᠦᠯᠳᠦᠭᠡᠨ ᠦ ᠬᠦᠴᠦᠨ ᠢ ᠳᠡᠭᠡᠭ᠍ᠰᠢᠯᠡᠭᠦᠯᠬᠦ ᠨᠢ ᠬᠢᠲᠠᠳ ᠡᠮ ᠦᠨ ᠳᠡᠯᠬᠡᠢ᠌ᠴᠢᠯᠡᠯᠲᠡ ᠪᠡ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠵᠠᠩᠭᠢᠯᠠᠭ᠎ᠠ ᠪᠤᠯᠬᠤ ᠲᠤᠬᠠᠢ ᠦᠭᠦᠯᠡᠭᠰᠡᠨ ᠪᠠᠢ᠌ᠨ᠎ᠠ᠃
Original Literature View Original Paper
出自 内蒙古民族大学学报(自然科学) 2011年 第2期

联系我们


内蒙古大学图书馆
呼和浩特市大学西路235号
中国·内蒙古
P: (0471) 4992561
E: huangfeilong@imu.edu.cn