Paper Information


Title ᠪᠤᠷᠬᠠᠨ ᠱᠠᠰᠢᠨ ᠤ ᠶᠢᠷᠲᠢᠨᠴᠦ ᠶᠢᠨ ᠦᠵᠡᠯᠲᠡ ᠳᠦ ᠳᠤᠰᠬᠠᠭᠳᠠᠭᠰᠠᠨ ᠲᠡᠭᠷᠢ ᠨᠦᠬᠦᠳ ᠦᠨ ᠲᠤᠬᠠᠢ ᠲᠤᠪᠴᠢ ᠦᠭᠦᠯᠡᠬᠦ ᠨᠢ
Creator ᠨᠠ‍ · ᠰᠤᠷᠭᠠᠯᠲᠤ
Keyword
Abstract ᠲᠡᠭᠷᠢ ᠶᠢᠨ ᠲᠤᠬᠠᠢ ᠦᠵᠡᠯᠲᠡ ᠪᠤᠯ ᠪᠤᠷᠬᠠᠨ ᠱᠠᠰᠢᠨ ᠤ ᠶᠢᠷᠲᠢᠨᠴᠦ ᠶᠢᠨ ᠦᠵᠡᠯᠲᠡ ᠳᠦ ᠲᠤᠩ ᠴᠢᠬᠤᠯᠠ ᠪᠠᠢ᠌ᠷᠢ ᠶᠢ ᠡᠵᠡᠯᠡᠵᠦ᠂ ᠰᠠᠪᠠ ᠶᠢᠷᠲᠢᠨᠴᠦ ᠰᠢᠮ᠎ᠡ ᠠᠮᠢᠲᠠᠨ ᠤ ᠲᠤᠬᠠᠢ ᠦᠵᠡᠯ ᠰᠠᠨᠠᠭᠠᠨ ᠤ ᠪᠦᠷᠢᠯᠳᠦᠭᠦᠨ ᠬᠡᠰᠡᠭ ᠪᠤᠯᠳᠠᠭ᠃ ᠡᠨᠡ ᠦᠵᠡᠯᠲᠡ ᠶᠢ ᠣᠢ᠌ᠯᠠᠭᠠᠬᠤ ᠨᠢ ᠪᠤᠷᠬᠠᠨ ᠱᠠᠰᠢᠨ ᠤ ᠶᠢᠷᠲᠢᠨᠴᠦ ᠶᠢᠨ ᠰᠤᠳᠤᠯᠬᠤ ᠳᠤ ᠴᠢᠬᠤᠯᠠ ᠬᠤᠯᠪᠤᠭᠳᠠᠬᠤ ᠠᠰᠠᠭᠤᠳᠠᠯ ᠤᠨ ᠨᠢᠭᠡ ᠪᠤᠯᠬᠤ ᠪᠦᠭᠡᠳ ᠮᠦᠨᠴᠦ ᠲᠡᠭᠦᠨ ᠦ ᠬᠦᠮᠦᠨ ᠦ ᠠᠮᠢᠳᠤᠷᠠᠯ ᠤᠨ ᠲᠤᠬᠠᠢ ᠦᠵᠡᠯᠲᠡ ᠶᠢ ᠣᠢ᠌ᠯᠠᠭᠠᠬᠤ ᠶᠢᠨ ᠨᠢᠭᠡ ᠲᠠᠯ᠎ᠠ ᠪᠤᠯᠤᠨ᠎ᠠ᠃ ᠲᠤᠰ ᠦᠭᠦᠯᠡᠯ ᠳᠦ ᠪᠤᠷᠬᠠᠨ ᠱᠠᠰᠢᠨ ᠤ ᠶᠢᠷᠲᠢᠨᠴᠦ ᠶᠢᠨ ᠦᠵᠡᠯᠲᠡ ᠳᠦ ᠭᠤᠤᠯ ᠶᠠᠷᠢᠭᠳᠠᠬᠤ ᠲᠡᠭᠷᠢ ᠶᠢᠨ ᠲᠦᠷᠦᠯ ᠵᠤᠢ᠌ᠯ᠂ ᠣᠷᠤᠨ ᠪᠠᠢ᠌ᠷᠢ᠂ ᠪᠡᠶ᠎ᠡ ᠶᠢᠨ ᠬᠡᠮᠵᠢᠶ᠎ᠡ ᠬᠢᠭᠡᠳ ᠨᠠᠰᠤᠨ ᠤ ᠬᠡᠮᠵᠢᠶ᠎ᠡ ᠵᠢᠴᠢ ᠬᠡᠯᠪᠡᠷᠢ ᠳᠦᠷᠰᠦ᠂ ᠰᠢᠨᠵᠢ ᠴᠢᠨᠠᠷ ᠵᠡᠷᠭᠡ ᠲᠠᠯ᠎ᠠ ᠳᠤ ᠵᠠᠳᠠᠯᠤᠯᠲᠠ ᠬᠢᠬᠦ ᠪᠡᠷ ᠳᠠᠮᠵᠢᠵᠤ ᠲᠡᠭᠷᠢ ᠶᠢᠨ ᠲᠤᠬᠠᠢ ᠦᠵᠡᠯᠲᠡ ᠶᠢᠨ ᠮᠦᠨ ᠴᠢᠨᠠᠷ ᠢ ᠲᠤᠳᠤᠷᠬᠠᠢ᠌ᠯᠠᠭᠰᠠᠨ ᠪᠦᠭᠡᠳ ᠡᠭᠦᠨ ᠢᠶᠡᠷ ᠳᠠᠮᠵᠢᠨ ᠪᠤᠷᠬᠠᠨ ᠱᠠᠰᠢᠨ ᠤ ᠶᠢᠷᠲᠢᠨᠴᠦ ᠶᠢᠨ ᠦᠵᠡᠯᠲᠡ ᠶᠢᠨ ᠶᠡᠷᠦᠩᠬᠡᠢ ᠲᠤᠢ᠌ᠮᠤ ᠪᠠᠢ᠌ᠳᠠᠯ᠂ ᠰᠢᠨᠵᠢ ᠴᠢᠨᠠᠷ ᠢ ᠨᠢᠭᠡ ᠲᠠᠯ ᠠ ᠠᠴᠠ ᠬᠠᠷᠠᠭᠤᠯᠬᠤ ᠶᠢ ᠵᠤᠷᠢᠭᠰᠠᠨ ᠪᠠᠢ᠌ᠨ᠎ᠠ᠃
Original Literature No Original Paper
出自 内蒙古大学学报 1993年 第1期

联系我们


内蒙古大学图书馆
呼和浩特市大学西路235号
中国·内蒙古
P: (0471) 4992561
E: huangfeilong@imu.edu.cn