Title |
《ᠪᠡᠯᠴᠢᠭᠡᠷᠯᠡᠭᠦᠯᠬᠦ ᠶᠢ ᠵᠤᠭᠰᠤᠭᠠᠬᠤ》 ᠪᠤᠳᠤᠯᠭ᠎ᠠ ᠶᠢ ᠬᠡᠷᠡᠭᠵᠢᠭᠦᠯᠦᠭᠰᠡᠨ ᠪᠠᠢᠳᠠᠯ ᠬᠢᠭᠡᠳ ᠤᠷᠠᠨ ᠵᠤᠬᠢᠶᠠᠯ ᠳᠠᠬᠢ ᠳᠤᠰᠬᠠᠯ |
Creator |
ᠪᠡ · ᠰᠠᠷᠠᠩᠭᠤᠤ᠎ᠠ |
Keyword |
《ᠪᠡᠯᠴᠢᠭᠡᠷᠯᠡᠭᠦᠯᠬᠦ ᠶᠢ ᠵᠤᠭᠰᠤᠭᠠᠬᠤ》 ᠪᠤᠳᠤᠯᠭ᠎ᠠ; ᠪᠤᠳᠠᠲᠤ ᠪᠠᠢᠳᠠᠯ; ᠤᠷᠠᠨ ᠵᠤᠬᠢᠶᠠᠯ ᠳᠠᠬᠢ ᠳᠤᠰᠬᠠᠯ |
Abstract |
ᠦᠭᠦᠯᠡᠯ ᠳᠦ ᠶᠠᠭᠤᠨ ᠤ ᠡᠮᠦᠨ᠎ᠡ 《ᠪᠡᠯᠴᠢᠭᠡᠷᠯᠡᠭᠦᠯᠬᠦ ᠶᠢ ᠵᠤᠭᠰᠤᠭᠠᠬᠤ》 ᠲᠦᠷᠦ ᠶᠢᠨ ᠪᠤᠳᠤᠯᠭ᠎ᠠ ᠶᠢᠨ ᠡᠭᠦᠰᠦᠭᠰᠡᠨ ᠠᠬᠤᠢ ᠪᠠᠢᠳᠠᠯ ᠢ ᠲᠠᠨᠢᠯᠴᠠᠭᠤᠯᠤᠨ ᠴᠠᠭ ᠪᠠ ᠤᠬᠠᠭᠳᠠᠬᠤᠨ ᠢ ᠲᠤᠳᠤᠳᠬᠠᠭᠰᠠᠨ ᠪᠠᠢᠨ᠎ᠠ᠃ ᠳᠠᠷᠠᠭ᠎ᠠ ᠨᠢ 《ᠪᠡᠯᠴᠢᠭᠡᠷᠯᠡᠭᠦᠯᠬᠦ ᠶᠢ ᠵᠤᠭᠰᠤᠭᠠᠬᠤ》 ᠪᠤᠳᠤᠯᠭ᠎ᠠ ᠶᠠᠪᠤᠭᠳᠠᠭᠰᠠᠨ ᠠᠴᠠ ᠮᠠᠯᠴᠢᠳ ᠤᠨ ᠠᠮᠢᠳᠤᠷᠠᠯ᠂ ᠨᠤᠲᠤᠭ ᠪᠡᠯᠴᠢᠭᠡᠷ ᠦᠨ ᠠᠵᠤ ᠠᠬᠤᠢ ᠪᠤᠯᠤᠨ ᠠᠮᠢ ᠠᠬᠤᠢ ᠳᠤ ᠠᠪᠴᠢᠷᠠᠭᠰᠠᠨ ᠰᠠᠢᠨ ᠮᠠᠭᠤ ᠬᠤᠶᠠᠷ ᠲᠠᠯ᠎ᠠ ᠶᠢᠨ ᠨᠦᠯᠦᠭᠡ ᠶᠠᠭᠤ ᠪᠤᠯᠬᠤ ᠶᠢ ᠦᠭᠦᠯᠡᠪᠡ᠃ ᠡᠨᠳᠡ ᠪᠠᠶᠠᠨᠨᠠᠭᠤᠷ ᠬᠤᠲᠠ ᠶᠢᠨ ᠤᠷᠠᠳ ᠤᠨ ᠬᠤᠢᠲᠤ ᠬᠤᠰᠢᠭᠤᠨ ᠤ ᠮᠠᠯᠴᠢᠳ ᠤᠨ ᠠᠮᠢᠳᠤᠷᠠᠯ ᠪᠠ ᠪᠠᠢᠭᠠᠯᠢ ᠨᠡᠢᠭᠡᠮ ᠦᠨ ᠠᠮᠢ ᠠᠬᠤᠢ ᠶᠢᠨ ᠣᠷᠴᠢᠨ ᠢᠶᠠᠷ ᠳᠡᠪᠢᠰᠭᠡᠷ ᠪᠤᠯᠭᠠᠵᠤ᠂ ᠪᠦᠬᠦ ᠤᠯᠤᠰ ᠲᠤ ᠶᠠᠪᠤᠭᠳᠠᠵᠤ ᠪᠠᠢᠭ᠎ᠠ 《ᠪᠡᠯᠴᠢᠭᠡᠷᠯᠡᠭᠦᠯᠬᠦ ᠶᠢ ᠵᠤᠭᠰᠤᠭᠠᠬᠤ》 ᠪᠤᠳᠤᠯᠭ᠎ᠠ ᠶᠢᠨ ᠬᠡᠷᠡᠭᠵᠢᠭᠦᠯᠦᠭᠰᠡᠨ ᠪᠠᠢᠳᠠᠯ ᠢ ᠦᠭᠦᠯᠡᠪᠡ᠃ ᠡᠭᠦᠨ ᠡᠴᠡ ᠦᠨᠳᠦᠰᠦ ᠲᠡᠢ ᠪᠠᠢᠭᠠᠯᠢ (ᠪᠡᠯᠴᠢᠭᠡᠷ ᠨᠤᠲᠤᠭ) ᠪᠠ ᠨᠡᠢᠭᠡᠮ (ᠦᠨᠳᠦᠰᠦᠲᠡᠨ ᠦ ᠬᠡᠯᠡ ᠰᠤᠶᠤᠯ) ᠤᠨ ᠪᠤᠳᠠᠲᠤ ᠪᠠᠢᠳᠠᠯ ᠨᠢ ᠣᠳᠣ ᠶᠢᠨ ᠮᠣᠩᠭᠤᠯ ᠤᠷᠠᠨ ᠵᠤᠬᠢᠶᠠᠯ ᠳᠤ ᠬᠡᠷᠬᠢᠨ ᠳᠤᠰᠬᠠᠭᠳᠠᠭᠰᠠᠨ᠂ ᠵᠢᠴᠢ ᠲᠡᠭᠦᠨ ᠦ ᠠᠴᠢ ᠬᠤᠯᠪᠤᠭᠳᠠᠯ ᠲᠡᠷᠢᠭᠦᠲᠡᠨ ᠢ ᠦᠭᠦᠯᠡᠯ ᠳᠦ ᠲᠤᠳᠤᠷᠬᠠᠢᠯᠠᠨ ᠦᠭᠦᠯᠡᠬᠦ ᠶᠢ ᠵᠤᠷᠢᠯ᠎ᠠ᠃ |
Original Literature |
No Original Paper
|
出自 |
赤峰学院学报(蒙文哲学社会科学版)
2016年
第1期
|