Paper Information


Title ᠬᠡᠳᠦ ᠮᠠᠷᠢᠶᠠᠯᠠᠬᠤ ᠶᠢᠨ ᠵᠠᠯᠠᠭᠤ ᠪᠠᠭᠠᠴᠤᠳ ᠲᠤ ᠦᠵᠡᠭᠦᠯᠬᠦ ᠨᠦᠯᠦᠭᠡ ᠶᠢᠨ ᠲᠤᠬᠠᠢ
Creator ᠭᠦᠢ ᠬᠤᠸᠠ
Keyword ᠬᠡᠳᠦ ᠮᠠᠷᠢᠶᠠᠯᠠᠬᠤ; ᠵᠠᠯᠠᠭᠤ ᠪᠠᠭᠠᠴᠤᠳ; ᠬᠦᠳᠡᠯᠭᠡᠭᠡᠨ; ᠢᠳᠡᠭᠡᠨ ᠤᠮᠳᠠᠭᠠᠨ
Abstract ᠣᠳᠤᠬᠠᠨ ᠳᠤ ᠰᠢᠨᠵᠢᠯᠡᠬᠦ ᠤᠬᠠᠭᠠᠨ ᠤ ᠬᠦᠭ᠍ᠵᠢᠯᠲᠡ ᠶᠢ ᠳᠠᠭᠠᠯᠳᠤᠨ ᠬᠡᠳᠦ ᠮᠠᠷᠢᠶᠠᠯᠠᠬᠤ ᠨᠢ ᠨᠢᠭᠡ ᠵᠦᠢ᠌ᠯ ᠤᠨ ᠡᠪᠡᠳᠴᠢᠨ ᠪᠤᠯᠬᠤ ᠶᠢ ᠬᠦᠮᠦᠰ ᠠᠭᠠᠵᠢᠮ ᠢᠶᠠᠷ ᠰᠡᠷᠡᠵᠦ ᠮᠡᠳᠡᠵᠡᠢ᠃ ᠮᠠᠷᠢᠶᠠᠯᠠᠬᠤ ᠪᠤᠯ ᠬᠦᠮᠦᠨ ᠦ ᠪᠡᠶ᠎ᠡ ᠮᠠᠬᠠᠪᠤᠳ ᠤᠨ ᠣᠨᠳᠤᠤᠰᠢᠯ ᠮᠠᠭᠤᠳᠠᠭᠰᠠᠨ ᠡᠪᠡᠳᠴᠢᠨ ᠪᠠᠢ᠌ᠵᠤ᠂ ᠲᠡᠷᠡ ᠨᠢ ᠣᠳᠤᠬᠠᠨ ᠤ ᠨᠡᠢ᠌ᠭᠡᠮ ᠦᠨ ᠬᠦᠮᠦᠰ ᠦᠨ ᠪᠡᠶ᠎ᠡ ᠰᠡᠳᠬᠢᠯ ᠦᠨ ᠡᠷᠡᠭᠦᠯ ᠴᠢᠭᠢᠷᠠᠭ ᠲᠤ ᠲᠤᠩ ᠮᠠᠭᠤ ᠨᠦᠯᠦᠭᠡ ᠠᠪᠴᠢᠷᠠᠵᠤ ᠦᠭ᠍ᠭᠦᠭ᠍ᠰᠡᠨ ᠢᠶᠡᠷ ᠪᠠᠷᠠᠬᠤ ᠦᠭᠡᠢ᠂ ᠪᠠᠰᠠ ᠤᠳᠤᠬᠠᠨ ᠤ ᠳᠤᠮᠳᠠᠳᠤ ᠰᠤᠷᠭᠠᠭᠤᠯᠢ ᠶᠢᠨ ᠵᠠᠯᠠᠭᠤᠴᠤᠳ ᠪᠠᠭᠠᠴᠤᠳ ᠤᠨ ᠡᠷᠡᠭᠦᠯ ᠴᠢᠭᠢᠷᠠᠯ ᠲᠤ ᠲᠤᠩ ᠶᠡᠬᠡ ᠮᠠᠭᠤ ᠨᠦᠯᠦᠡ ᠪᠤᠯᠵᠤ ᠪᠠᠢ᠌ᠨ᠎ᠠ᠃ ᠡᠢ᠌ᠮᠦ ᠡᠴᠡ᠂ ᠵᠠᠯᠠᠭᠤ ᠪᠠᠭᠠᠴᠤᠳ ᠡᠭᠦᠨ ᠦ ᠲᠤᠬᠠᠢ ᠵᠠᠪᠠᠯ ᠰᠡᠷᠡᠵᠦ ᠮᠡᠳᠡᠬᠦ ᠬᠡᠷᠡᠭᠲᠡᠢ ᠪᠦᠭᠡᠳ ᠴᠠᠭ ᠢᠮᠠᠭᠲᠠ ᠰᠡᠷᠡᠮᠵᠢᠯᠡᠨ᠂ ᠡᠯ᠎ᠡ ᠵᠤᠢ᠌ᠯ ᠤᠨ ᠵᠦᠪ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠡᠭᠦᠨ ᠳᠦ ᠵᠦᠪ ᠣᠨᠣᠪᠴᠢᠲᠠᠢ ᠠᠷᠭ᠎ᠠ ᠬᠡᠮᠵᠢᠶ᠎ᠡ ᠨᠢ ᠭᠤᠤᠯᠳᠭᠤ ᠬᠤᠶᠠᠷ ᠲᠠᠯ᠎ᠠ ᠶᠢᠨ ᠪᠠᠢ᠋ᠳᠠᠭ᠃ ᠳᠠᠷᠤᠢ ᠵᠦᠢ ᠵᠤᠬᠢᠰᠲᠠᠢ ᠬᠦᠳᠡᠯᠭᠡᠭᠡᠨ ᠬᠢᠬᠦ ᠪᠡ ᠢᠳᠡᠵᠦ ᠤᠤᠭᠤᠬᠤ ᠪᠠᠨ ᠵᠤᠬᠢᠴᠠᠭᠤᠯᠬᠤ ᠶᠠᠪᠤᠳᠠᠯ ᠪᠤᠯᠤᠨ᠎ᠠ᠃ ᠢᠩᠭᠢᠪᠡᠯ ᠰᠠᠶ‍ᠢ ᠴᠠᠭ ᠢᠮᠠᠭᠲᠠ ᠮᠠᠷᠢᠶᠠᠯᠠᠬᠤ ᠶᠢ ᠰᠡᠷᠭᠡᠢ᠌ᠯᠡᠵᠦ ᠴᠢᠳᠠᠬᠤ ᠮᠦᠷᠲᠡᠭᠡᠨ ᠡᠳᠦᠷ ᠳᠤᠲᠤᠮ ᠤᠨ ᠰᠤᠷᠤᠯᠴᠠᠯᠭ᠎ᠠ ᠠᠮᠢᠳᠤᠷᠠᠯ ᠤᠨ ᠢᠶᠡᠨ ᠴᠢᠨᠠᠷ ᠴᠢᠨᠰᠠᠭ᠎ᠠ ᠶᠢ ᠪᠠᠲᠤᠯᠠᠵᠤ ᠴᠢᠳᠠᠨ᠎ᠠ᠃
Original Literature View Original Paper
出自 内蒙古民族大学学报(自然科学) 2012年 第1期

联系我们


内蒙古大学图书馆
呼和浩特市大学西路235号
中国·内蒙古
P: (0471) 4992561
E: huangfeilong@imu.edu.cn