Title |
ᠶᠡᠬᠡ ᠰᠤᠷᠭᠠᠭᠤᠯᠢ ᠶᠢᠨ《ᠶᠡᠷᠦᠩᠬᠡᠢ ᠹᠢᠽᠢᠺ》᠋ ᠤᠨ ᠬᠢᠴᠢᠶᠡᠯ ᠦᠨ ᠵᠢᠭᠠᠨ ᠰᠤᠷᠭᠠᠯᠲᠠ ᠶᠢ ᠦᠭᠡᠷᠡᠴᠢᠯᠡᠬᠦ ᠲᠤᠬᠠᠢ ᠪᠤᠳᠤᠯᠬᠢᠯᠠᠯ |
Creator |
ᠶᠤᠸᠠᠢ ᠶᠢᠩ |
Keyword |
《ᠶᠡᠷᠦᠩᠬᠡᠢ ᠹᠢᠽᠢᠺ》; ᠵᠢᠭᠠᠨ ᠰᠤᠷᠭᠠᠬᠤ ᠠᠭᠤᠯᠭ᠎ᠠ; ᠵᠢᠭᠠᠨ ᠰᠤᠷᠭᠠᠯᠲᠠ ᠶᠢᠨ ᠦᠭᠡᠷᠡᠴᠢᠯᠡᠯᠲᠡ; ᠮᠡᠷᠭᠡᠵᠢᠯ ᠦᠨ ᠴᠢᠭᠯᠡᠯᠲᠦ ᠴᠢᠨᠠᠷ |
Abstract |
ᠶᠡᠬᠡ ᠰᠤᠷᠭᠠᠭᠤᠯᠢ ᠶᠢᠨ 《ᠶᠡᠷᠦᠩᠬᠡᠢ ᠹᠢᠽᠢᠺ》᠋ ᠦᠨ ᠬᠢᠴᠢᠶᠡᠯ ᠪᠤᠯ ᠪᠠᠢ᠌ᠭᠠᠯᠢ ᠶᠢᠨ ᠰᠢᠨᠵᠢᠯᠡᠬᠦ ᠤᠬᠠᠭᠠᠨ ᠬᠢᠭᠡᠳ ᠲᠧᠭᠨᠢᠭ᠌᠌ ᠦᠨ ᠲᠤᠰᠬᠠᠢ ᠮᠡᠷᠭᠡᠵᠢᠯ ᠦᠨ ᠤᠶᠤᠲᠠᠳ ᠤᠨ ᠵᠠᠪᠠᠯ ᠰᠤᠷᠬᠤ ᠰᠠᠭᠤᠷᠢ ᠬᠢᠴᠢᠶᠡᠯ ᠶᠤᠮ᠃ ᠶᠡᠬᠡ ᠰᠤᠷᠭᠠᠭᠤᠯᠢ ᠶᠢᠨ ᠪᠤᠳᠠᠲᠠᠢ ᠵᠢᠭᠠᠨ ᠰᠤᠷᠭᠠᠬᠤ ᠦᠢᠯᠡᠳᠦᠯᠭᠡ ᠳᠦ 《ᠶᠡᠷᠦᠩᠬᠡᠢ ᠹᠢᠽᠢᠺ》᠋ ᠦᠨ ᠬᠢᠴᠢᠶᠡᠯ ᠦᠨ ᠪᠠᠢ᠌ᠷᠢ ᠰᠠᠭᠤᠷᠢ᠂ ᠵᠢᠭᠠᠨ ᠰᠤᠷᠭᠠᠬᠤ ᠠᠭᠤᠯᠭ᠎ᠠ ᠬᠢᠭᠡᠳ ᠰᠤᠷᠤᠭᠴᠢᠳ ᠤᠨ ᠰᠤᠷᠤᠯᠴᠠᠬᠤ ᠢᠳᠡᠪᠬᠢᠵᠢᠯ ᠵᠡᠷᠭᠡ ᠣᠯᠠᠨ ᠲᠠᠯ᠎ᠠ ᠪᠠᠷ ᠵᠤᠢ᠌ᠯ ᠪᠦᠷᠢ ᠶᠢᠨ ᠠᠰᠠᠭᠤᠳᠠᠯ ᠤᠳ ᠣᠷᠤᠰᠢᠵᠤ ᠪᠠᠢ᠌ᠭ᠎ᠠ ᠶᠤᠮ᠃ ᠣᠳᠤᠬᠠᠨ ᠤ ᠶᠡᠬᠡ ᠰᠤᠷᠭᠠᠭᠤᠯᠢ ᠶᠢᠨ 《ᠶᠡᠷᠦᠩᠬᠡᠢ ᠹᠢᠽᠢᠺ》᠋ ᠦᠨ ᠬᠢᠴᠢᠶᠡᠯ ᠦᠨ ᠵᠢᠭᠠᠨ ᠰᠤᠷᠭᠠᠯᠲᠠ ᠳᠤ ᠣᠷᠤᠰᠢᠵᠤ ᠪᠠᠢ᠌ᠭ᠎ᠠ ᠠᠰᠠᠭᠤᠳᠠᠯ ᠤᠳ ᠢ ᠵᠠᠳᠠᠯᠬᠤ ᠨᠢ ᠹᠢᠽᠢᠺ ᠤᠨ ᠪᠤᠰᠤ ᠲᠤᠰᠬᠠᠢ ᠮᠡᠷᠭᠡᠵᠢᠯ ᠦᠨ ᠰᠤᠷᠤᠭᠴᠢᠳ ᠤᠨ 《ᠶᠡᠷᠦᠩᠬᠡᠢ ᠹᠢᠽᠢᠺ》᠋ ᠦᠨ ᠬᠢᠴᠢᠶᠡᠯ ᠦᠨ ᠵᠢᠭᠠᠨ ᠰᠤᠷᠭᠠᠬᠤ ᠠᠭᠤᠯᠭ᠎ᠠ᠂ ᠵᠢᠭᠠᠨ ᠰᠤᠷᠭᠠᠬᠤ ᠬᠡᠯᠪᠡᠷᠢ ᠬᠢᠭᠡᠳ ᠪᠠᠭᠰᠢ ᠶᠢᠨ ᠲᠤᠬᠢᠷᠠᠭᠤᠯᠤᠯᠲᠠ ᠵᠡᠷᠭᠡ ᠲᠠᠯ᠎ᠠ ᠪᠠᠷ ᠲᠤᠰᠬᠠᠢ ᠮᠡᠷᠭᠡᠵᠢᠯ ᠦᠨ ᠴᠢᠭᠯᠡᠯᠲᠦ ᠴᠢᠨᠠᠷ ᠢ ᠬᠡᠷᠬᠢᠨ ᠴᠢᠩ᠋ᠭᠠᠳᠬᠠᠵᠤ᠂ ᠬᠡᠷᠡᠭᠴᠡᠭᠡᠨ ᠳᠦ ᠨᠢ ᠲᠤᠬᠢᠷᠠᠭᠰᠠᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭ᠍ᠰᠢᠯᠡᠭᠦᠯᠬᠦ ᠳᠦ ᠮᠠᠰᠢ ᠴᠢᠬᠤᠯᠠ ᠦᠢᠯᠡᠳᠦᠯ ᠦᠵᠡᠭᠦᠯᠬᠦ ᠶᠤᠮ᠃ |
Original Literature |
View Original Paper
|
出自 |
蒙古学研究
2012年
第3期
|