Paper Information


Title PKI ᠵᠢᠴᠢ ᠡᠯᠧᠺᠲ᠋ᠷᠤᠨ ᠬᠤᠳᠠᠯᠳᠤᠭᠠᠨ ᠤ ᠶᠠᠪᠤᠳᠠᠯ ᠳᠠᠬᠢ ᠬᠡᠷᠡᠭᠯᠡᠯᠲᠡ ᠶᠢᠨ ᠲᠤᠢᠮᠤ
Creator ᠵᠠᠩ ᠰᠢᠦ ᠷᠦᠩ
Keyword PKI; ᠡᠯᠧᠺᠲ᠋ᠷᠤᠨ ᠬᠤᠳᠠᠯᠳᠤᠭᠠᠨ ᠤ ᠶᠠᠪᠤᠳᠠᠯ; ᠬᠡᠷᠡᠭᠯᠡᠯᠲᠡ
Abstract ᠮᠠᠨ ᠤ ᠤᠯᠤᠰ ᠤᠨ ᠡᠯᠧᠺᠲ᠋ᠷᠤᠨ ᠬᠤᠳᠠᠯᠳᠤᠭᠠᠨ ᠤ ᠶᠠᠪᠤᠳᠠᠯ᠂ ᠡᠯᠧᠺᠲ᠋ᠷᠤᠨ ᠵᠠᠰᠠᠭ ᠤᠨ ᠶᠠᠪᠤᠳᠠᠯ ᠪᠠ ᠰᠦᠯᠵᠢᠶᠡᠨ ᠪᠠᠩᠭᠢ ᠶᠢᠨ ᠲᠦᠷᠭᠡᠨ ᠬᠦᠭᠵᠢᠯᠲᠡ ᠶᠢ ᠳᠠᠭᠠᠯᠳᠤᠨ᠂ ᠬᠦᠮᠦᠰ PKI᠋ ᠶᠢᠨ ᠠᠮᠤᠷ ᠲᠦᠪᠰᠢᠨ ᠦᠢᠯᠡᠴᠢᠯᠡᠭᠡ ᠬᠠᠩᠭᠠᠬᠤ ᠶᠢ ᠤᠯᠠᠮ ᠢᠶᠠᠷ ᠱᠠᠭᠠᠷᠳᠠᠬᠤ ᠪᠤᠯᠵᠠᠢ᠃ PKI ᠰᠢᠰᠲ᠋ᠧᠮ ᠨᠢ ᠴᠤᠭᠴᠠ ᠶᠢᠨ ᠪᠠᠲᠤᠯᠠᠪᠤᠷᠢ᠂ ᠰᠤᠷᠠᠭ ᠵᠠᠩᠭᠢ ᠶᠢᠨ ᠳᠠᠮᠵᠢᠭᠤᠯᠤᠯᠲᠠ ᠪᠠ ᠲᠤᠭ᠎ᠠ ᠪᠠᠷᠢᠮᠲᠠ ᠶᠢᠨ ᠪᠦᠷᠢᠨ ᠭᠦᠢᠴᠡᠳ᠂ ᠰᠤᠷᠠᠭ ᠵᠠᠩᠭᠢ ᠶᠢᠨ ᠬᠠᠳᠠᠭᠠᠯᠠᠯᠲᠠ ᠶᠢᠨ ᠨᠢᠭᠤᠴᠠᠭᠠᠢ ᠴᠢᠨᠠᠷ ᠵᠢᠴᠢ ᠠᠵᠢᠯᠯᠠᠭ᠎ᠠ ᠶᠢᠨ ᠦᠭᠡᠶᠢᠰᠭᠡᠵᠦ ᠪᠤᠯᠤᠰᠢ ᠦᠭᠡᠢ ᠴᠢᠨᠠᠷ ᠢ ᠳᠡᠮᠵᠢᠳᠡᠭ᠃ ᠲᠡᠷᠡ ᠨᠢ ᠡᠯᠧᠺᠲ᠋ᠷᠤᠨ ᠬᠤᠳᠠᠯᠳᠤᠭᠠᠨ ᠤ ᠠᠮᠤᠷ ᠲᠦᠪᠰᠢᠨ ᠦ ᠱᠠᠭᠠᠷᠳᠠᠯᠭ᠎ᠠ ᠶᠢ ᠭᠦᠢᠴᠡᠳ ᠬᠠᠩᠭᠠᠳᠠᠭ ᠪᠤᠯᠬᠤᠷ᠂ PKI ᠮᠡᠷᠭᠡᠵᠢᠯ ᠨᠢ ᠡᠯᠧᠺᠲ᠋ᠷᠤᠨ ᠬᠤᠳᠠᠯᠳᠤᠭᠠᠨ ᠤ ᠶᠠᠪᠤᠳᠠᠯ ᠤᠨ ᠲᠠᠯ᠎ᠠ ᠪᠠᠷ ᠦᠷᠭᠡᠨ ᠬᠡᠷᠡᠭᠯᠡᠭᠳᠡᠵᠦ ᠪᠤᠢ᠃ ᠦᠭᠦᠯᠡᠯ ᠳᠦ ᠡᠯᠧᠺᠲ᠋ᠷᠤᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠪᠦᠷᠢᠯᠳᠦᠴᠡ ᠶᠢ ᠰᠤᠳᠤᠯᠵᠤ᠂ ᠲᠡᠭᠦᠨ ᠦ ᠡᠯ᠎ᠡ ᠤᠯᠤᠰ ᠲᠠᠬᠢ ᠬᠡᠷᠡᠭᠯᠡᠯᠲᠡ ᠶᠢᠨ ᠪᠠᠢᠳᠠᠯ ᠢ ᠰᠢᠨᠵᠢᠯᠡᠨ᠂ PKI ᠵᠢᠴᠢ ᠳᠤᠮᠳᠠᠳᠤ ᠶᠢᠨ ᠡᠯᠧᠺᠲ᠋ᠷᠤᠨ ᠬᠤᠳᠠᠯᠳᠤᠭᠠᠨ ᠤ ᠶᠠᠪᠤᠳᠠᠯ ᠳᠠᠬᠢ ᠬᠡᠷᠡᠭᠯᠡᠯᠲᠡ ᠶᠢᠨ ᠲᠤᠬᠠᠢ ᠭᠤᠤᠯᠴᠢᠯᠠᠨ ᠰᠢᠨᠵᠢᠯᠡᠭᠰᠡᠨ ᠪᠠᠢᠨ᠎ᠠ᠃
Original Literature No Original Paper
出自 内蒙古师范大学学报(自然科学蒙古文版) 2012年 第2期

联系我们


内蒙古大学图书馆
呼和浩特市大学西路235号
中国·内蒙古
P: (0471) 4992561
E: huangfeilong@imu.edu.cn