Title |
ᠨᠡᠢᠭᠡᠮ ᠵᠦᠢ ᠶᠢᠨ ᠬᠠᠷᠭᠠᠰᠤ ᠡᠴᠡ《ᠠᠮᠢ ᠠᠬᠤᠢ ᠶᠢᠨ ᠨᠡᠭᠦᠳᠡᠯ ᠠᠷᠠᠳ》 ᠤᠨ ᠲᠣᠬᠠᠢ ᠦᠭᠦᠯᠡᠬᠦ ᠨᠢ |
Creator |
ᠡᠰᠡᠷᠡᠮᠲᠦ |
Keyword |
ᠠᠮᠢ ᠠᠬᠤᠢ ᠶᠢᠨ ᠨᠡᠭᠦᠳᠡᠯ ᠠᠷᠠᠳ; ᠠᠮᠢ ᠠᠬᠤᠢ ᠶᠢᠨ ᠨᠡᠭᠦᠳᠡᠯ; ᠠᠷᠠᠳ ᠤᠨ ᠦᠢᠯᠡᠳᠦᠯᠭᠡ; ᠠᠮᠢ ᠠᠬᠤᠢ ᠶᠢᠨ ᠨᠡᠭᠦᠳᠡᠯ ᠠᠷᠠᠳ ᠤᠨ ᠲᠤᠰᠬᠤᠨ |
Abstract |
《ᠠᠮᠢ ᠠᠬᠤᠢ ᠶᠢᠨ ᠨᠡᠭᠦᠳᠡᠯ ᠠᠷᠠᠳ》 ᠤᠨ ᠠᠰᠠᠭᠤᠳᠠᠯ ᠪᠣᠯ ᠨᠢᠭᠡᠨ ᠪᠣᠳᠤᠯᠢᠶᠠᠨᠲᠠᠢ ᠨᠡᠢᠭᠡᠮ ᠤᠨ ᠠᠰᠠᠭᠤᠳᠠᠯ ᠪᠣᠯᠤᠨ᠎ᠠ᠃ ᠲᠡᠷᠡ ᠨᠢ ᠵᠦᠪᠬᠡᠨ ᠲᠣᠬᠠᠢ ᠶᠢᠨ ᠰᠠᠭᠤᠭᠠᠯᠢ ᠠᠷᠠᠳ ᠤᠨ ᠭᠠᠵᠠᠷ ᠵᠦᠢ ᠶᠢᠨ ᠬᠤᠪᠢ ᠳ᠋ᠡᠬᠢ ᠤᠷᠨ ᠵᠠᠢ ᠶᠢᠨ ᠰᠢᠯᠵᠢᠯᠲᠡ ᠶᠢᠨ ᠠᠰᠠᠭᠤᠳᠠᠯ ᠲᠡᠳᠦᠢ ᠪᠢᠰᠢ᠂ ᠬᠠᠷᠢᠨ ᠠᠮᠢᠳᠤᠷᠠᠬᠤᠢ ᠶᠢᠨ ᠠᠵᠢᠯᠯᠠᠭ᠎ᠠ ᠶᠢᠨ ᠪᠦᠲᠦᠴᠡ ᠬᠢᠭᠡᠳ ᠠᠭᠤᠯᠭ᠎ᠠ ᠵᠢ ᠲᠡᠬᠢᠨ ᠵᠣᠬᠢᠶᠠᠮᠵᠢᠯᠠᠬᠤ《ᠣᠷᠤᠰᠢᠬᠤ》ᠪᠠ《ᠬᠦᠭᠵᠢᠬᠦ》 ᠣᠷᠤᠨ ᠵᠠᠢ ᠵᠢ ᠰᠢᠨ᠎ᠠ ᠪᠡᠷ ᠨᠡᠭᠡᠭᠡᠬᠦ ᠪᠠᠶ᠎ᠡ ᠲᠡᠭᠦᠨ ᠳᠤ ᠵᠣᠬᠢᠴᠠᠬᠤ ᠡᠰᠡᠬᠦᠯ ᠠ《ᠲᠠᠬᠢᠨ ᠵᠣᠬᠢᠶᠠᠮᠵᠢᠯᠠᠭᠤᠯᠤᠭᠳᠠᠬᠤ》 ᠪᠠ 《ᠲᠠᠬᠢᠨ ᠵᠣᠬᠢᠴᠠᠭᠤᠯᠤᠭᠳᠠᠬᠤ》ᠨᠡᠢᠭᠡᠮ ᠤᠨ ᠠᠵᠢᠯᠯᠠᠭ᠎ᠠ ᠪᠣᠯᠬᠤ ᠶᠣᠮ᠃ ᠲᠡᠢᠮᠦ ᠡᠴᠡ ᠲᠡᠭᠦᠨ ᠲᠠᠢ ᠬᠣᠯᠪᠤᠭᠳᠠᠭᠤᠯᠬᠤ ᠨᠡᠢᠭᠡᠮ ᠤᠨ ᠪᠦᠲᠦᠴᠡ ᠶᠢᠨ ᠡᠯᠸᠮᠸᠨ᠋ᠲ ᠨᠢ ᠤᠯᠠᠨ ᠲᠠᠪᠬᠤᠷᠭᠠᠲᠤ ᠴᠢᠨᠠᠷ ᠲᠠᠢ ᠮᠦᠷᠲᠡᠭᠡᠨ ᠪᠤᠳᠤᠯᠢᠶᠠᠨᠲᠤ ᠴᠢᠨᠠᠷ ᠲᠠᠢ ᠪᠠᠢᠳᠠᠭ᠃ 《ᠠᠮᠢ ᠠᠬᠤᠢ ᠶᠢᠨ ᠨᠡᠭᠦᠳᠡᠯ ᠠᠷᠠᠳ》 ᠤᠨ ᠦᠢᠯᠡᠳᠦᠯᠭ ᠡᠲᠤᠮᠳᠠ ᠨᠡᠭᠦᠳᠠᠯ ᠠᠷᠠᠳ ᠤᠨ ᠭᠤᠤᠯ ᠴᠣᠭᠴᠠᠰ ᠤᠨ ᠴᠢᠨᠠᠷ ᠢ ᠪᠠᠲᠤᠯᠠᠨ᠂ ᠣᠷᠴᠢᠨ ᠲᠤᠭᠤᠷᠢᠨ᠂ ᠨᠡᠢᠭᠡᠮ ᠂ᠰᠣᠶᠣᠯ᠂ ᠰᠡᠳᠭᠢᠴᠡ᠂ ᠠᠵᠤ ᠠᠬᠤᠢ᠂ ᠰᠤᠷᠭᠠᠨ ᠬᠦᠮᠦᠵᠢᠯ᠂ ᠱᠰᠢᠨ ᠰᠢᠲᠦᠯᠭᠡ ᠵᠡᠷᠭᠡ ᠤᠯᠠᠨ ᠲᠠᠯ ᠠ ᠶᠢᠨ ᠠᠰᠠᠭᠤᠳᠠᠯ ᠢ ᠤᠷᠭᠠᠨᠢᠭ ᠢᠢᠡᠷ ᠵᠣᠬᠢᠴᠠᠭᠤᠯᠵᠤ᠂ ᠨᠡᠭᠦᠳᠡᠯ ᠠᠷᠠᠳ ᠲᠤ ᠲᠡᠭᠦᠨ ᠤ ᠣᠷᠤᠰᠢᠨ ᠬᠦᠭᠵᠢᠬᠦ ᠶᠢᠨ ᠴᠢᠬᠤᠯᠠ ᠪᠦᠬᠦᠢ ᠡᠬᠢ ᠪᠠᠶᠠᠯᠢᠭ ᠬᠢᠭᠡᠳ ᠦᠢᠯᠡᠴᠢᠯᠡᠭᠡ ᠵᠢ ᠬᠠᠩᠭᠠᠵᠤ ᠦᠭᠴᠦ ᠴᠢᠳᠠᠪᠠᠯ ᠰᠠᠶᠢ ᠠᠮᠢ ᠠᠬᠤᠢ ᠶᠢᠨ ᠨᠡᠭᠦᠳᠡᠯ ᠠᠷᠠᠳ ᠤᠨ ᠲᠤᠰᠬᠤᠨ ᠢ ᠬᠡᠯᠪᠡᠷᠢ ᠲᠦᠷᠬᠦ ᠶᠢᠨ ᠢᠨᠵᠸᠨ᠋ᠸᠷᠢᠩ ᠪᠣᠯᠭᠠᠬᠤ ᠪᠣᠶᠣ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠪᠡᠯᠭᠡᠳᠡᠯ ᠲᠡᠮᠳᠡᠭ ᠪᠣᠯᠭᠠᠭᠳᠠᠬᠤ ᠬᠤᠪᠢ ᠵᠠᠶᠠᠭᠠᠨ ᠡᠴᠡ ᠬᠡᠯᠲᠦᠷᠢᠭᠦᠯᠵᠦ ᠴᠢᠳᠠᠬᠤ ᠮᠦᠷᠲᠡᠭᠡᠨ ᠲᠡᠭᠦᠨ ᠢ ᠦᠨᠡᠨᠨᠭᠦ ᠠᠮᠢ ᠠᠬᠤᠢ ᠵᠢ ᠬᠠᠮᠠᠭᠠᠯᠠᠬᠤ ᠪᠠ ᠶᠠᠳᠠᠭᠤ ᠵᠢ ᠲᠡᠳᠬᠦᠬᠦ ᠬᠠᠷᠠᠯᠲᠠ ᠳ᠋ᠤ ᠦᠢᠯᠡᠴᠢᠯᠡᠭᠦᠯᠵᠦ ᠴᠢᠳᠠᠨ᠎ᠠ᠃ |
Original Literature |
View Original Paper
|
出自 |
内蒙古师范大学学报
2011年
第1期
|