Title |
ᠰᠣᠶᠣᠯ ᠬᠢᠭᠡᠳ ᠵᠢᠭᠤᠯᠴᠢᠯᠠᠯ ᠤᠨ ᠤᠶᠠᠯᠳᠤᠯ ᠢ ᠠᠬᠢᠭᠤᠯᠬᠤ ᠲᠣᠬᠠᠢ ᠦᠭᠦᠯᠡᠬᠦ ᠨᠢ |
Creator |
ᠭᠡᠭᠡᠨᠬᠠᠰ; ᠰᠦᠨ ᠭᠦᠸᠸ ᠰᠢᠤᠸᠠᠢ |
Keyword |
ᠰᠣᠶᠣᠯ ᠵᠢᠭᠤᠯᠴᠢᠯᠠᠯ; ᠤᠶᠠᠯᠳᠤᠭᠤᠯᠬᠤ; ᠰᠢᠨ᠎ᠠ ᠭᠦᠭᠵᠢᠯᠲᠡ |
Abstract |
ᠰᠣᠶᠣᠯ ᠪᠤᠯᠤᠨ ᠵᠢᠭᠤᠯᠴᠢᠯᠠᠯ ᠨᠢ ᠬᠤᠭᠤᠷᠤᠨᠳᠤ ᠪᠠᠨ ᠨᠢᠭᠲᠠ ᠬᠠᠷᠢᠴᠠᠭ᠎ᠠ ᠬᠤᠯᠪᠤᠭ ᠠ ᠲᠠᠢ ᠪᠠᠢᠳᠠᠭ᠂ ᠵᠢᠭᠤᠯᠴᠢᠯᠠᠯ ᠤᠨ ᠦᠨᠡᠨ ᠴᠢᠨᠠᠷ ᠪᠣᠯ ᠨᠢᠭᠡ ᠵᠦᠢᠯ ᠤᠨ ᠰᠣᠶᠣᠯ ᠤᠨ ᠬᠦᠳᠡᠯᠭᠡᠭᠡᠨ ᠮᠦᠨ᠃ ᠰᠣᠶᠣᠯ ᠪᠣᠯ ᠵᠢᠭᠤᠯᠴᠢᠯᠠᠯ ᠤᠨ ᠰᠦᠨᠡᠰᠦ᠂ ᠵᠢᠭᠤᠯᠴᠢᠯᠠᠯ ᠪᠣᠯ ᠰᠣᠶᠣᠯ ᠤᠨ ᠠᠴᠢᠶᠠᠯᠠᠪᠤᠷᠢ᠃ ᠵᠢᠭᠤᠯᠴᠢᠯᠠᠯ ᠤᠨ ᠲᠠᠪᠠᠭᠤᠯᠢᠭ ᠲᠠᠯ ᠠ ᠨᠢ ᠠᠰᠢᠭ ᠲᠤᠰᠠ ᠪᠠᠨ ᠦᠨ᠎ᠠ ᠦᠷᠲᠡᠭ ᠲᠠᠢ ᠪᠠᠢᠬᠤ ᠳ᠋ᠦ ᠪᠠᠢᠵᠤ᠂ ᠰᠣᠶᠣᠯ ᠤᠨ ᠲᠠᠪᠠᠭᠤᠯᠢᠭ ᠲᠠᠯ ᠠ ᠨᠢ ᠲᠡᠭᠦᠨ ᠤ ᠲᠤᠳᠤᠭᠠᠳᠤ ᠠᠬᠤᠭᠤᠯᠤᠭᠳᠠᠬᠤᠨ ᠳ᠋ᠤ ᠪᠠᠢᠵᠤ᠂ ᠰᠣᠶᠣᠯ ᠪᠣᠯᠤᠨ ᠵᠢᠭᠤᠯᠴᠢᠯᠠᠯ ᠨᠢ ᠬᠠᠷᠢᠯᠴᠠᠨ ᠠᠭᠤᠰᠤᠯᠴᠠᠬᠤ ᠨᠢᠭᠡ ᠴᠣᠭᠴᠠ ᠪᠣᠯᠤᠨ ᠬᠦᠭᠵᠢᠬᠦ ᠨᠢ ᠰᠣᠶᠣᠯ ᠤᠨ ᠦᠷᠬᠦᠯᠵᠢᠯᠡᠨ ᠬᠦᠭᠵᠢᠬᠦ᠂ ᠵᠢᠭᠤᠯᠴᠢᠯᠠᠯ ᠤᠨ ᠵᠠᠬ ᠠ ᠲᠡᠯᠭᠡᠭᠦᠷ ᠤᠨ ᠦᠷᠭᠡᠳᠬᠦ᠂ ᠠᠵᠤ ᠠᠬᠤᠢ ᠶᠢᠨ ᠲᠡᠭᠡᠭᠰᠢᠯᠡᠬᠦᠯᠬᠦ ᠵᠢ ᠲᠦᠷᠭᠡᠳᠭᠡᠬᠦ᠂ ᠠᠵᠦ ᠠᠬᠤᠢ ᠶᠢᠨ ᠦᠷᠲᠡᠭ ᠢ ᠲᠡᠭᠡᠭᠰᠢᠯᠡᠬᠦᠯᠬᠦ᠂ ᠨᠡᠢᠭᠡᠮ ᠤᠨ ᠦᠨ᠎ᠠ ᠦᠷᠲᠡᠭ ᠢ ᠪᠦᠲᠦᠭᠡᠬᠦ ᠳ᠋ᠤ ᠴᠢᠬᠤᠯᠠ ᠠᠴᠢ ᠬᠤᠯᠪᠤᠭᠳᠠᠯ ᠲᠠᠢ ᠪᠠᠢᠵᠤ᠂ ᠡᠨᠡ ᠨᠢ ᠵᠢᠭᠤᠯᠴᠢᠯᠠᠯ ᠤᠨ ᠠᠵᠤ ᠠᠬᠤᠢ ᠶᠢᠨ ᠭᠡᠭᠵᠢᠯᠲᠡ ᠶᠢᠨ ᠬᠠᠨᠳᠤᠯᠭ᠎ᠠ ᠪᠣᠯᠵᠠᠢ᠃ ᠰᠢᠨ᠎ᠠ ᠵᠢ ᠪᠦᠲᠦᠭᠡᠬᠦ ᠰᠣᠶᠣᠯ ᠵᠢᠭᠤᠯᠴᠢᠯᠠᠯ ᠤᠨ ᠬᠦᠭᠵᠢᠯᠲᠡ ᠶᠢᠨ ᠰᠡᠳᠬᠢᠴᠡ ᠪᠣᠯᠤᠨ ᠭᠦᠭᠵᠢᠬᠦ ᠬᠡᠯᠪᠡᠷᠢ ᠨᠢ ᠰᠣᠶᠣᠯ ᠪᠣᠯᠤᠨ ᠵᠢᠭᠤᠯᠴᠢᠯᠠᠯ ᠤᠨ ᠬᠠᠷᠢᠯᠴᠠᠨ ᠬᠦᠨᠵᠡᠭᠡᠢ ᠤᠶᠠᠯᠳᠤᠬᠤ ᠵᠢ ᠪᠦᠲᠦᠭᠡᠬᠦ ᠶᠢᠨ ᠭᠤᠤᠯᠳᠠᠯᠭ᠎ᠠ ᠪᠣᠯᠤᠨ᠎ᠠ᠃ |
Original Literature |
View Original Paper
|
出自 |
赤峰学院学报(蒙文哲学社会科学版)
2014年
第3期
|