Title |
《ᠮᠣᠩᠭᠤᠯ ᠵᠤᠬᠢᠶᠠᠨ ᠪᠢᠴᠢᠬᠦ ᠤᠬᠠᠭᠠᠨ》 ᠤ ᠬᠢᠴᠢᠶᠡᠯ ᠦᠨ ᠰᠤᠷᠬᠤ ᠪᠢᠴᠢᠭ ᠪᠡ ᠵᠢᠭᠠᠨ ᠰᠤᠷᠭᠠᠯᠲᠠ ᠶᠢ ᠦᠭᠡᠷᠡᠴᠢᠯᠡᠬᠦ ᠲᠤᠬᠠᠢ ᠦᠭᠦᠯᠡᠬᠦ ᠨᠢ |
Creator |
ᠲᠠᠯ᠎ᠠ |
Keyword |
ᠶᠡᠬᠡ ᠰᠤᠷᠭᠠᠭᠤᠯᠢ ᠶᠢᠨ 《ᠮᠣᠩᠭᠤᠯ ᠵᠤᠬᠢᠶᠠᠨ ᠪᠢᠴᠢᠬᠦ ᠤᠬᠠᠭᠠᠨ》; ᠵᠢᠭᠠᠨ ᠰᠤᠷᠭᠠᠯᠲᠠ; ᠦᠭᠡᠷᠡᠴᠢᠯᠡᠯᠲᠡ |
Abstract |
ᠵᠤᠬᠢᠶᠠᠨ ᠪᠢᠴᠢᠬᠦ ᠠᠵᠢᠯᠯᠠᠭ᠎ᠠ ᠨᠢ ᠠᠳᠠᠯᠢ ᠪᠤᠰᠤ ᠦᠰᠦᠭ ᠪᠢᠴᠢᠭ ᠦᠨ ᠬᠡᠯᠪᠡᠷᠢ ᠪᠡᠷ ᠲᠡᠷᠡ ᠬᠦ ᠤᠭᠰᠠᠭ᠎ᠠ ᠦᠨᠳᠦᠰᠦᠲᠡᠨ ᠦ ᠪᠡᠨ ᠨᠡᠢᠭᠡᠮ ᠠᠬᠤᠢ ᠶᠢᠨ ᠠᠮᠢᠳᠤᠷᠠᠯ ᠲᠡᠮᠡᠴᠡᠯ ᠢ ᠲᠡᠮᠳᠡᠭᠯᠡᠭᠰᠡᠭᠡᠷ ᠢᠷᠡᠵᠡᠢ᠃ ᠲᠡᠷᠡ ᠨᠢ ᠬᠦᠮᠦᠨ ᠲᠦᠷᠦᠯᠬᠢᠲᠡᠨ ᠦ ᠤᠶᠤᠨ ᠤ ᠠᠵᠢᠯᠯᠠᠭ᠎ᠠ ᠶᠢᠨ ᠪᠦᠲᠦᠭᠡᠭᠳᠡᠭᠦᠨ ᠪᠤᠯᠤᠭᠰᠠᠨ ᠤ ᠬᠤᠪᠢ ᠳᠤ ᠬᠦᠮᠦᠰ ᠦᠨ ᠠᠵᠢᠭᠯᠠᠬᠤ᠂ ᠰᠡᠳᠬᠢᠬᠦ᠂ ᠢᠯᠡᠳᠭᠡᠬᠦ ᠵᠡᠷᠭᠡ ᠠᠵᠢᠯᠯᠠᠭ᠎ᠠ ᠪᠠᠷ ᠳᠠᠮᠵᠢᠨ ᠰᠤᠶᠤᠯ ᠤᠨ ᠭᠠᠭᠵᠤᠭᠠᠯᠠᠭᠴᠢ ᠪᠤᠯᠳᠠᠭ᠃ ᠬᠤᠷᠢᠨ ᠨᠢᠭᠡᠳᠦᠭᠡᠷ ᠵᠠᠭᠤᠨ ᠤ ᠰᠤᠶᠤᠯ ᠤᠨ ᠬᠦᠭᠵᠢᠯᠲᠡ ᠶᠢᠨ ᠶᠡᠬᠡ ᠤᠷᠤᠰᠬᠠᠯ ᠳᠤᠮᠳᠠ ᠵᠤᠬᠢᠶᠠᠨ ᠪᠢᠴᠢᠯᠭᠡ ᠨᠢ ᠬᠦᠮᠦᠰ ᠦᠨ ᠬᠠᠷᠢᠯᠴᠠᠭᠠᠨ ᠤ ᠰᠠᠨᠠᠯ ᠪᠤᠳᠤᠯ ᠤᠨ ᠰᠤᠯᠢᠯᠴᠠᠭ᠎ᠠ᠂ ᠰᠤᠶᠤᠯ ᠪᠤᠯᠪᠠᠰᠤᠷᠠᠯ ᠤᠨ ᠬᠢ ᠨᠢ ᠦᠢᠯᠡᠳᠦᠯᠭᠡᠴᠢ ᠴᠢᠳᠠᠪᠤᠷᠢ ᠵᠢᠴᠢ ᠡᠷᠳᠡᠮ ᠰᠢᠨᠵᠢᠯᠡᠭᠡ ᠶᠢᠨ ᠬᠢ ᠨᠢ ᠰᠠᠭᠤᠷᠢ ᠪᠤᠯᠵᠤ ᠪᠠᠢᠭ᠎ᠠ ᠪᠠᠢᠳᠠᠯ ᠲᠠᠢ᠃ ᠰᠢᠨ᠎ᠡ ᠵᠠᠭᠤᠨ ᠤ ᠶᠡᠬᠡ ᠰᠤᠷᠭᠠᠭᠤᠯᠢ ᠶᠢᠨ 《ᠮᠣᠩᠭᠤᠯ ᠵᠤᠬᠢᠶᠠᠨ ᠪᠢᠴᠢᠬᠦ ᠤᠬᠠᠭᠠᠨ》 ᠤ ᠬᠢᠴᠢᠶᠡᠯ ᠦᠨ ᠰᠤᠷᠬᠤ ᠪᠢᠴᠢᠭ ᠪᠡ ᠣᠳᠣᠬᠢ ᠤᠶᠤᠲᠠᠳ ᠤᠨ ᠪᠤᠳᠠᠲᠤ ᠪᠠᠢᠳᠠᠯ ᠢ ᠵᠠᠳᠠᠯᠪᠠᠯ᠂ ᠵᠢᠭᠠᠨ ᠰᠤᠷᠭᠠᠯᠲᠠ ᠳᠤ ᠦᠭᠡᠷᠡᠴᠢᠯᠡᠯᠲᠡ ᠬᠢᠬᠦ ᠶᠠᠪᠤᠳᠠᠯ ᠲᠤᠯᠭᠠᠮ ᠱᠠᠭᠠᠷᠳᠠᠯᠭ᠎ᠠ ᠲᠠᠯᠪᠢᠭᠳᠠᠵᠤ ᠪᠠᠢᠨ᠎ᠠ᠃ |
Original Literature |
No Original Paper
|
出自 |
蒙古学研究
2015年
第3期
|