Paper Information


Title ᠮᠤᠩᠭ᠋ᠤᠯ ᠭᠠᠵᠠᠷ ᠤᠨ ᠨᠡᠷᠡᠰ ᠤᠨ ᠰᠤᠳᠤᠯᠭᠠᠨ ᠤ ᠲᠤᠢᠮᠦ ᠪᠠ ᠰᠤᠳᠤᠯᠭᠠᠨ ᠤ ᠬᠠᠨᠳᠤᠰᠢ
Creator ᠰᠤᠷᠤᠨ᠎ᠠ
Keyword ᠭᠠᠵᠠᠷ ᠤᠨ ᠨᠡᠷᠡᠰ; ᠰᠤᠶᠤᠯ ᠲᠡᠤᠭᠡ; ᠰᠤᠶᠤᠯ ᠤᠨ ᠦᠪ
Abstract ᠮᠤᠩᠭ᠋ᠤᠯ ᠭᠠᠵᠠᠷ ᠤᠨ ᠨᠡᠷᠡᠰ ᠨᠢ ᠦᠨᠳᠤᠰᠤᠳᠡᠨ ᠤ ᠰᠤᠶᠤᠯ ᠤᠨ ᠦᠪ ᠬᠦᠷᠦᠩᠭᠡ ᠮᠦᠨ᠃ ᠮᠤᠩᠭ᠋ᠤᠯᠴᠤᠳ ᠦᠪᠡᠷ ᠤᠨ ᠤᠷᠤᠰᠢᠨ ᠲᠤᠭᠳᠠᠨᠢᠬᠰᠠᠨ ᠦᠯᠦᠬᠡᠢ ᠨᠤᠳᠤᠭ᠂ ᠠᠭᠤᠯᠠ ᠤᠰᠤᠨ ᠤ ᠨᠡᠷ᠎ᠡ ᠪᠡᠨ ᠪᠡᠯᠭᠡ ᠲᠠᠮᠪᠡᠷᠢᠯ ᠲᠠᠢ ᠦᠭᠡ ᠪᠡᠷ ᠵᠦᠩᠨᠡᠨ ᠪᠡᠯᠭᠡᠳᠡᠬᠦ ᠵᠠᠩᠰᠢᠯ ᠲᠠᠢ ᠪᠠᠢ᠋ᠳᠠᠭ᠃ ᠡᠢ᠋ᠮ᠋ᠦ ᠴᠦ ᠤᠴᠢᠷ ᠡᠴᠨ ᠭᠠᠵᠡᠷ ᠤᠨ ᠨᠠᠷᠡᠰ ᠲᠤ ᠲᠤᠬᠠᠢ ᠶᠢᠨ ᠦᠨᠳᠤᠰᠤᠳᠡᠨ ᠤᠨ ᠱᠠᠰᠢᠨ ᠰᠢᠳᠤᠯᠭᠡ᠂ ᠵᠠᠩ ᠵᠠᠩᠰᠢᠯ᠂ ᠨᠡᠢ᠋ᠭᠡᠮ ᠰᠤᠶᠤᠯ᠂ ᠦᠷᠳᠡᠭ ᠤᠨ ᠦᠵᠡᠯᠳᠡ ᠪᠠ ᠰᠡᠳᠬᠢᠴᠡ ᠵᠦᠢ ᠶᠢᠨ ᠤᠨᠴᠠᠯᠢᠭ ᠵᠠᠷᠭᠡ ᠲᠤᠰᠬᠠᠭᠳᠠᠭᠰᠠᠨ ᠪᠠᠢ᠋ᠳᠠᠭ᠃ ᠡᠳᠡᠭᠡᠷ ᠤᠨᠴᠠᠯᠢᠭ ᠨᠢ ᠲᠤᠬᠠᠢ ᠶᠢᠨ ᠦᠨᠳᠤᠰᠤᠳᠡᠨ ᠳᠤ ᠬᠤᠯᠪᠤᠭᠳᠠᠬᠤ ᠬᠡᠯᠡ ᠰᠢᠨᠵᠢᠯᠡᠯ᠂ ᠤᠭᠰᠠᠭᠠᠳᠠᠨ ᠤ ᠰᠤᠳᠤᠯᠤᠯ᠂ ᠲᠡᠤᠭᠡ ᠶᠢᠨ ᠰᠤᠳᠤᠯᠤᠯ᠂ ᠭᠠᠵᠠᠷ ᠵᠦᠢ ᠶᠢᠨ ᠰᠤᠳᠤᠯᠤᠯ ᠵᠠᠷᠭᠡ ᠳᠤ ᠴᠦ ᠴᠢᠬᠤᠯᠠ ᠪᠠᠷᠢᠮᠳᠠ ᠮᠠᠲ᠋ᠸᠷᠢᠶᠠᠯ ᠬᠠᠩᠭ᠋ᠠᠵᠦ ᠪᠠᠢ᠋ᠳᠠᠭ᠃ ᠭᠠᠵᠡᠷ ᠤᠨ ᠨᠡᠷ᠎ᠡ ᠨᠢ ᠨᠢᠭᠡ ᠶᠤᠰᠤᠨ ᠳ᠋ᠭᠠᠠᠨ ᠪᠠᠰᠠ ᠨᠢᠭᠡ ᠦᠨᠳᠤᠰᠤᠳᠡᠨ ᠤ ᠰᠤᠶᠤᠯ ᠤᠨ ᠦᠪ ᠪᠤᠯᠬᠤ ᠤᠴᠢᠷ ᠡᠴᠨ ᠮᠤᠩᠭ᠋ᠤᠯ ᠦᠨᠳᠤᠰᠤᠳᠡᠨ ᠤ ᠰᠤᠶᠤᠯ ᠲᠡᠤᠭᠡ ᠶᠢᠨ ᠰᠤᠳᠤᠯᠭᠠᠨ ᠳᠤ ᠭᠠᠵᠠᠷ ᠤᠨ ᠨᠡᠷᠡᠰ ᠤᠨ ᠰᠤᠳᠤᠯᠤᠯ ᠢ ᠤᠮᠳᠤᠭᠠᠢᠯᠠᠵᠦ ᠪᠤᠯᠬᠤ ᠦᠬᠡᠢ ᠪᠦᠭᠡᠳ ᠴᠠᠭᠠᠰᠢᠳᠡ ᠦᠷᠭᠡᠨ ᠬᠦᠨᠵᠡᠬᠡᠢ ᠰᠤᠳᠤᠯᠬᠤ ᠴᠢᠬᠤᠯᠠ ᠲᠠᠢ ᠶᠤᠮ᠃
Original Literature View Original Paper
出自 中国蒙古学 2017年 第2期

联系我们


内蒙古大学图书馆
呼和浩特市大学西路235号
中国·内蒙古
P: (0471) 4992561
E: huangfeilong@imu.edu.cn