Title |
ᠤᠷᠠᠨ ᠵᠤᠬᠢᠶᠠᠯ ᠤᠨ ᠣᠷᠴᠢᠭᠤᠯᠭ᠎ᠠ ᠶᠢᠨ ᠶᠠᠪᠤᠴᠠ ᠳᠠᠬᠢ ᠣᠷᠴᠢᠭᠤᠯᠤᠭᠴᠢ ᠶᠢᠨ ᠲᠤᠬᠠᠢ ᠦᠭᠦᠯᠡᠬᠦ ᠨᠢ |
Creator |
ᠠᠷᠢᠭᠤᠨ |
Keyword |
ᠤᠷᠠᠨ ᠵᠤᠬᠢᠶᠠᠯ ᠤᠨ ᠣᠷᠴᠢᠭᠤᠯᠭ᠎ᠠ; ᠤᠩᠰᠢᠭᠴᠢ; ᠰᠤᠳᠤᠯᠤᠭᠴᠢ; ᠣᠷᠴᠢᠭᠤᠯᠤᠭᠴᠢ |
Abstract |
ᠤᠷᠠᠨ ᠵᠤᠬᠢᠶᠠᠯ ᠤᠨ ᠣᠷᠴᠢᠭᠤᠯᠭ᠎ᠠ ᠪᠤᠯ ᠨᠢᠭᠡᠨ ᠮᠠᠰᠢ ᠬᠦᠴᠢᠷ ᠪᠡᠷᠬᠡ ᠲᠡᠢ ᠠᠵᠢᠯᠯᠠᠭᠠᠨ ᠮᠦᠨ᠃ ᠣᠷᠴᠢᠭᠤᠯᠤᠭᠴᠢ ᠨᠢ ᠡᠩ ᠲᠡᠷᠢᠭᠦᠨ ᠳᠦ ᠡᠷᠬᠡᠪᠰᠢ ᠨᠢᠭᠡᠨ ᠣᠨᠴᠠᠭᠠᠢ ᠤᠩᠰᠢᠭᠴᠢ᠂ ᠰᠤᠳᠤᠯᠤᠭᠴᠢ ᠪᠠ ᠵᠤᠬᠢᠶᠠᠯᠴᠢ ᠪᠠᠢ᠌ᠬᠤ ᠬᠡᠷᠡᠭᠲᠡᠢ᠃ ᠡᠭᠦᠨ ᠦ ᠰᠠᠭᠤᠷᠢ ᠳᠡᠭᠡᠷ᠎ᠡ ᠰᠠᠶᠢ ᠵᠢᠩᠬᠢᠨᠢ ᠭᠠᠷᠮᠠᠭᠠᠢ ᠣᠷᠴᠢᠭᠤᠯᠤᠭᠴᠢ ᠪᠤᠯᠵᠤ ᠴᠢᠳᠠᠨ᠎ᠠ᠃ ᠦᠭᠦᠯᠡᠯ ᠳᠦ ᠂ ᠤᠷᠠᠨ ᠵᠤᠬᠢᠶᠠᠯ ᠤᠨ ᠣᠷᠴᠢᠭᠤᠯᠭ᠎ᠠ ᠶᠢᠨ ᠪᠡᠶᠡᠴᠢ ᠴᠤᠭᠴᠠ ᠪᠤᠯᠬᠤ ᠣᠷᠴᠢᠭᠤᠯᠤᠭᠴᠢ ᠪᠠᠷ ᠰᠤᠳᠤᠯᠭᠠᠨ ᠢᠶᠠᠨ ᠪᠤᠯᠭᠠᠵᠤ᠂ ᠣᠷᠴᠢᠭᠤᠯᠤᠭᠴᠢ ᠶᠢᠨ ᠤᠷᠠᠨ ᠵᠤᠬᠢᠶᠠᠯ ᠤᠨ ᠣᠷᠴᠢᠭᠤᠯᠭ᠎ᠠ ᠶᠢᠨ ᠶᠠᠪᠤᠴᠠ ᠶᠢᠨ ᠡᠯ᠎ᠡ ᠱᠠᠲᠤᠨ ᠳᠤ ᠭᠦᠢᠴᠡᠳᠭᠡᠳᠡᠭ ᠠᠵᠢᠯ ᠡᠭᠦᠷᠭᠡ ᠶᠢ ᠵᠠᠳᠠᠯᠬᠤ ᠪᠠᠷ ᠳᠠᠮᠵᠢᠨ᠂ ᠤᠷᠠᠨ ᠵᠤᠬᠢᠶᠠᠯ ᠤᠨ ᠣᠷᠴᠢᠭᠤᠯᠭ᠎ᠠ ᠶᠢᠨ ᠨᠠᠷᠢᠨ ᠪᠤᠳᠤᠯᠢᠶᠠᠨᠲᠤ ᠴᠢᠨᠠᠷ᠂ ᠪᠡᠷᠬᠡᠲᠦ ᠴᠢᠨᠠᠷ ᠢ ᠦᠨᠳᠦᠰᠦᠯᠡᠨ᠂ ᠣᠷᠴᠢᠭᠤᠯᠤᠭᠴᠢ ᠳᠤ ᠨᠢᠭᠡᠨ ᠭᠤᠤᠯᠴᠢ ᠪᠠᠢ᠌ᠷᠢ ᠣᠯᠭᠤᠬᠤ ᠶᠢ ᠵᠤᠷᠢᠭᠰᠠᠨ ᠶᠤᠮ᠃ |
Original Literature |
View Original Paper
|
出自 |
中国蒙古学
2013年
第6期
|