Paper Information


Title ᠹᠷᠠᠨᠼᠢ ᠲᠡᠭᠡᠳᠦ ᠰᠤᠷᠭᠠᠭᠤᠯᠢ ᠶᠢᠨ ᠨᠤᠮ ᠤᠨ ᠰᠠᠩ ᠳᠤ ᠬᠠᠳᠠᠭᠠᠯᠠᠭᠳᠠᠵᠤ ᠪᠠᠢᠭ᠎ᠠ ᠮᠤᠩᠭ᠋ᠤᠯ ᠰᠤᠳᠤᠷ ᠤᠨ ᠲᠤᠬᠠᠢ
Creator ᠰᠤᠨᠵᠠ
Keyword ᠨᠤᠮ ᠤᠨ ᠰᠠᠩ; ᠹᠷᠠᠨᠼᠢ ᠲᠡᠭᠡᠳᠦ ᠰᠤᠷᠭᠠᠭᠤᠯᠢ; ᠮᠤᠩᠭ᠋ᠤᠯ ᠰᠤᠷᠪᠤᠯᠵᠢ ᠪᠢᠴᠢᠭ᠌
Abstract ᠮᠤᠩᠭ᠋ᠤᠯ ᠭᠠᠨᠵᠤᠤᠷ ᠢ ᠰᠤᠳᠤᠯᠤᠭᠰᠠᠨ ᠡᠷᠳᠡᠮᠳᠡᠳ ᠹᠷᠠᠨᠼᠢ ᠶᠢᠨ ᠦᠨᠳᠦᠰᠦᠳᠡᠨ ᠤ ᠨᠤᠮ ᠤᠨ ᠰᠠᠩ ᠳᠤ ᠨᠢᠭᠡ ᠪᠤᠳᠢ ᠲᠠᠷᠤᠮᠠᠯ ᠭᠠᠨᠵᠤᠤᠷ ᠪᠠᠢ᠌ᠳᠠᠭ ᠢ ᠪᠦᠷ ᠮᠡᠳᠡᠨ᠎ᠡ᠃ ᠭᠡᠬᠦ ᠳ᠋ᠡᠭᠡᠨ ᠹᠷᠠᠨᠼᠢ ᠶᠢᠨ ᠫᠡᠷᠢᠰ ᠬᠤᠳᠠ ᠳᠤ ᠪᠠᠢ᠌ᠭ᠎ᠠ ᠹᠷᠠᠨᠼᠢ ᠲᠡᠭᠡᠳᠦ ᠰᠤᠷᠭᠠᠭᠤᠯᠢ ᠶᠢᠨ ᠬᠢᠳᠠᠳ ᠰᠤᠳᠤᠯᠤᠯ ᠤᠨ ᠬᠦᠷᠢᠶᠡᠯᠡᠩ ᠳᠤ ᠬᠠᠳᠠᠭᠠᠯᠠᠭᠳᠠᠵᠤ ᠪᠠᠢ᠌ᠭ᠎ᠠ ᠪᠢᠴᠢᠮᠡᠯ ᠭᠠᠨᠵᠤᠤᠷ ᠤᠨ ᠲᠤᠬᠠᠢ ᠮᠡᠳᠡᠭᠡ ᠬᠠᠷᠠᠬᠠᠨ ᠬᠠᠷᠠᠭᠳᠠᠭ᠎ᠠ ᠦᠭᠡᠢ ᠪᠠᠢ᠌ᠨ᠎ᠠ᠃ ᠹᠷᠠᠨᠼᠢ ᠲᠡᠭᠡᠳᠦ ᠰᠤᠷᠭᠠᠭᠤᠯᠢ ᠶᠢᠨ ᠬᠢᠳᠠᠳ ᠰᠤᠳᠤᠯᠤᠯ ᠤᠨ ᠬᠦᠷᠢᠶᠡᠯᠡᠩ ᠳᠤ ᠮᠠᠰᠢ ᠤᠯᠠᠨ ᠬᠢᠳᠠᠳ ᠰᠤᠷᠪᠤᠯᠵᠢ ᠪᠢᠴᠢᠭ᠌ ᠤᠳ ᠬᠠᠳᠠᠭᠠᠯᠠᠭᠳᠠᠳᠠᠭ᠃ ᠲᠤᠰ ᠬᠢᠳᠠᠳ ᠰᠤᠳᠤᠯᠤᠯ ᠤᠨ ᠬᠦᠷᠢᠶᠡᠯᠡᠩ ᠤᠨ ᠨᠤᠮ ᠤᠨ ᠰᠠᠩ ᠳᠤ ᠨᠤᠮ ᠰᠤᠳᠤᠷ ᠤᠨ ᠭᠠᠷᠴᠠᠭ ᠤᠨ ᠵᠢᠭ᠌ᠰᠠᠭᠠᠯᠳᠠ ᠳᠤ ᠤᠷᠤᠭᠰᠠᠨ ᠦᠭᠡᠢ ᠮᠦᠷᠳᠡᠭᠡᠨ ᠲᠤᠰ ᠬᠦᠷᠢᠶᠡᠯᠡᠩ ᠤᠨ ᠡᠷᠳᠡᠮᠳᠡᠳ ᠤᠨ ᠲᠤᠭᠤᠰᠢᠳᠠᠢ ᠰᠤᠳᠤᠯᠭᠠᠨ ᠳᠤ ᠤᠷᠤᠭ᠎ᠠ ᠦᠭᠡᠢ ᠪᠠᠢ᠌ᠭ᠎ᠠ ᠮᠤᠩᠭ᠋ᠤᠯ ᠭᠠᠨᠵᠤᠤᠷ ᠤᠨ ᠨᠢᠭᠡ ᠪᠤᠳᠢ ᠪᠤᠯᠤᠨ ᠮᠤᠩᠭ᠋ᠤᠯ ᠴᠢᠯᠠᠭᠤᠨ ᠬᠦᠰᠢᠶᠡᠨ ᠤ ᠲᠠᠷᠤᠮᠠᠭ ᠪᠢᠴᠢᠭ᠌ ᠬᠠᠳᠠᠭᠠᠯᠠᠭᠳᠠᠵᠤ ᠪᠤᠢ᠃ ᠲᠤᠰ ᠦᠭᠦᠯᠡᠯ ᠳᠤ ᠭᠤᠤᠯᠳᠠᠭᠤ ᠡᠨᠡ ᠬᠦ ᠨᠤᠮ ᠤᠨ ᠰᠠᠩ ᠳᠤ ᠬᠠᠳᠠᠭᠠᠯᠠᠭᠳᠠᠵᠤ ᠪᠠᠢ᠌ᠭ᠎ᠠ ᠮᠤᠩᠭ᠋ᠤᠯ ᠰᠤᠷᠪᠤᠯᠵᠢ ᠪᠢᠴᠢᠭ᠌ ᠲᠤ ᠠᠵᠢᠭᠯᠠᠯᠳᠠ ᠬᠢᠵᠦ ᠤᠯᠠᠨ ᠳᠤ ᠮᠡᠳᠡᠭᠡ ᠵᠠᠩᠬᠢ ᠲᠠᠮᠵᠢᠭᠤᠯᠬᠤ ᠶᠢ ᠵᠤᠷᠢᠪᠠ᠃
Original Literature View Original Paper
出自 中国蒙古学 2016年 第1期

联系我们


内蒙古大学图书馆
呼和浩特市大学西路235号
中国·内蒙古
P: (0471) 4992561
E: huangfeilong@imu.edu.cn