Paper Information


Title ᠲᠤᠮᠳᠠᠳᠤ ᠵᠡᠷᠭᠡ ᠶᠢᠨ ᠪᠠᠭᠰᠢ ᠶᠢᠨ ᠰᠤᠷᠭᠠᠭᠤᠯᠢ ᠳᠤ ᠰᠤᠷᠭᠠᠨ ᠬᠦᠮᠦᠵᠢᠯ ᠤᠨ ᠤᠬᠠᠭᠠᠨ ᠤ ᠬᠢᠴᠢᠶᠡᠯ ᠢ ᠵᠢᠭᠠᠬᠤ ᠲᠣᠬᠠᠢ ᠵᠦᠪᠯᠡᠯᠭᠡ
Creator ᠰᠣᠳᠤᠪᠢᠯᠢᠭ᠌
Keyword ᠲᠤᠮᠳᠠᠳᠤ ᠵᠡᠷᠭᠡ ;ᠪᠠᠭᠰᠢ ᠶᠢᠨ ᠰᠤᠷᠭᠠᠭᠤᠯᠢ ;ᠰᠤᠷᠭᠠᠨ ᠬᠦᠮᠦᠵᠢᠯ ᠤᠨ ᠤᠬᠠᠭᠠᠨ; ᠬᠢᠴᠢᠶᠡᠯ 
Abstract ᠲᠤᠮᠳᠠᠳᠤ ᠵᠡᠷᠭᠡ ᠶᠢᠨ ᠪᠠᠭᠰᠢ ᠶᠢᠨ ᠰᠤᠷᠭᠠᠭᠤᠯᠢ ᠶᠢᠨ ᠡᠭᠦᠷᠭᠡ ᠪᠣᠯ ᠨᠠᠮ ᠤᠨ ᠰᠤᠷᠭᠠᠨ ᠬᠦᠮᠦᠵᠢᠯ ᠤᠨ ᠦᠢᠯᠡᠰ ᠲᠤ ᠦᠨᠡᠨᠴᠢ ᠰᠢᠲᠤᠷᠭᠤ ᠨᠢᠭᠡᠨ ᠬᠢᠷᠢ ᠲᠡᠩᠴᠡᠭᠰᠡᠨ ᠪᠠᠭ᠎ᠠ ᠰᠤᠷᠭᠠᠭᠤᠯᠢ ᠶᠢᠨ ᠪᠠᠭᠰᠢ ᠵᠢ ᠬᠦᠮᠦᠵᠢᠬᠦᠯᠬᠦ ᠶᠠᠪᠤᠳᠠᠯ ᠪᠣᠯᠤᠨ᠎ᠠ᠃ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠪᠠᠯ ᠤᠯᠤᠰ ᠣᠷᠤᠨ  ᠤ ᠰᠤᠷᠭᠠᠨ ᠬᠦᠮᠦᠵᠢᠯ ᠤᠨ ᠰᠠᠭᠤᠷᠢ ᠮᠦᠨ᠃ ᠲᠡᠷᠡᠨ ᠨᠢ ᠠᠷᠠᠳ ᠲᠦᠮᠡᠨ ᠤ ᠰᠣᠶᠣᠯ ᠰᠢᠨᠵᠢᠯᠡᠬᠦ ᠤᠬᠠᠭᠠᠨ ᠤ ᠬᠢᠷᠢ ᠬᠡᠮᠵᠢᠶ ᠠ ᠵᠢ ᠲᠡᠭᠡᠭᠰᠢᠯᠡᠬᠦᠯᠬᠦ᠂ ᠪᠦᠲᠦᠭᠡᠨ ᠪᠠᠢᠭᠤᠯᠬᠤ ᠤᠯᠠᠨ ᠴᠢᠳᠠᠪᠤᠷᠢᠲᠠᠨ ᠢ ᠬᠦᠮᠦᠵᠢᠬᠦᠯᠬᠦ᠂ ᠲᠦᠷᠪᠡᠨ ᠣᠳᠣᠬᠢᠴᠢᠯᠠᠯᠲᠠ ᠶᠢᠨ ᠪᠦᠲᠦᠭᠡᠨ ᠪᠠᠢᠭᠤᠯᠤᠯᠲᠠ ᠵᠢ ᠪᠡᠶᠡᠯᠡᠬᠦᠯᠬᠦ ᠵᠡᠷᠭᠡ ᠳ᠋ᠤ ᠲᠦᠢᠯ ᠤᠨ ᠴᠢᠬᠤᠯᠠ ᠪᠠᠢᠷᠢ ᠰᠠᠭᠤᠷᠢ ᠵᠢ ᠡᠵᠡᠯᠡᠬᠦ ᠶᠣᠮ᠃ ᠪᠡᠳᠡ ᠨᠠᠷ ᠪᠠᠭ᠎ᠠ ᠰᠤᠷᠭᠠᠭᠤᠯᠢ ᠵᠢ ᠰᠠᠢᠳᠤᠷ ᠡᠷᠬᠢᠯᠡᠶ ᠡ ᠭᠡᠪᠡᠯ ᠡᠷᠬᠡᠪᠰᠢ ᠰᠢᠯᠢᠳᠡᠭ ᠴᠢᠨᠠᠷᠲᠠᠢ ᠪᠠᠭ᠎ᠠ ᠰᠤᠷᠭᠠᠭᠤᠯᠢ ᠶᠢᠨ ᠪᠠᠭᠰᠢ ᠵᠢ ᠤᠷᠢᠳᠠᠪᠠᠷ ᠬᠦᠮᠦᠵᠢᠬᠦᠯᠬᠦ ᠬᠡᠷᠡᠭᠳᠡᠢ᠃ ᠡᠳᠡᠭᠡᠷ ᠪᠠᠭᠰᠢ ᠨᠢ ᠡᠷᠬᠡᠪᠰᠢ ᠨᠡᠯᠢᠶᠡᠳ ᠦᠷᠭᠡᠨ ᠲᠡᠯᠭᠡᠷ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠲᠠᠢ ᠪᠠᠢᠬᠤ ᠬᠡᠷᠡᠭᠳᠡᠢ; ᠰᠤᠷᠭᠠᠨ ᠬᠦᠮᠦᠵᠢᠯ ᠤᠨ ᠰᠢᠨᠵᠢᠡᠯᠬᠦ ᠤᠬᠠᠭᠠᠨ ᠢ ᠡᠵᠡᠮᠰᠢᠵᠦ᠂ ᠰᠤᠷᠭᠠᠨ ᠬᠦᠮᠦᠵᠢᠬᠦᠯᠬᠦ ᠵᠢᠮ ᠠ ᠬᠠᠤᠯᠢ ᠵᠢ ᠰᠠᠢᠲᠤᠷ ᠮᠡᠳᠡᠬᠦ ᠬᠡᠷᠡᠭᠲᠡᠢ; ᠡᠷᠬᠮ ᠨᠠᠨᠳᠢᠨ ᠵᠠᠩ ᠰᠤᠷᠲᠠᠯ ᠪᠠ ᠡᠷᠬᠢᠮ ᠲᠡᠭᠡᠳᠦ ᠤᠶᠤᠨ ᠰᠠᠨᠠᠭᠠᠨ ᠤ ᠮᠣᠷᠠᠯ ᠪᠠᠢᠬᠤ ᠭᠡᠷᠡᠭᠲᠡᠢ᠃
Original Literature No Original Paper
出自 内蒙古师范大学学报 1983年 第3期

联系我们


内蒙古大学图书馆
呼和浩特市大学西路235号
中国·内蒙古
P: (0471) 4992561
E: huangfeilong@imu.edu.cn