Paper Information


Title 《ᠲᠡᠭᠦᠰ ᠠᠮᠤᠭᠤᠯᠠᠩ ᠴᠦᠯᠭᠡ ᠶᠢᠨ ᠰᠢᠨ᠎ᠡ ᠪᠡᠷ ᠪᠠᠢᠭᠤᠯᠤᠭᠰᠠᠨ ᠪᠢᠴᠢᠭ ᠦᠨ ᠰᠤᠷᠭᠠᠭᠤᠯᠢ ᠶᠢᠨ ᠲᠡᠮᠳᠡᠭᠯᠡᠯ》 ᠦᠨ ᠭᠡᠷᠡᠯᠲᠦ ᠬᠦᠰᠢᠶᠡᠨ ᠦ ᠪᠢᠴᠢᠭ ᠦᠨ ᠣᠷᠴᠢᠭᠤᠯᠭ᠎ᠠ ᠪᠠ ᠲᠠᠢᠯᠪᠤᠷᠢ
Creator ᠰᠤᠭᠳᠤᠷᠵᠠᠪ
Keyword ᠲᠡᠭᠦᠰ ᠠᠮᠤᠭᠤᠯᠠᠩ ᠴᠦᠯᠭᠡ ᠶᠢᠨ ᠰᠢᠨ᠎ᠡ ᠪᠡᠷ ᠪᠠᠢᠭᠤᠯᠤᠭᠰᠠᠨ ᠪᠢᠴᠢᠭ ᠦᠨ ᠰᠤᠷᠭᠠᠭᠤᠯᠢ ᠶᠢᠨ ᠲᠡᠮᠳᠡᠭᠯᠡᠯ; ᠭᠡᠷᠡᠯᠲᠦ ᠬᠦᠰᠢᠶᠡᠨ ᠦ ᠪᠢᠴᠢᠭ; ᠣᠷᠴᠢᠭᠤᠯᠭ᠎ᠠ; ᠲᠠᠢᠯᠪᠤᠷᠢ
Abstract 《ᠲᠡᠭᠦᠰ ᠠᠮᠤᠭᠤᠯᠠᠩ ᠴᠦᠯᠭᠡ ᠶᠢᠨ ᠰᠢᠨ᠎ᠡ ᠪᠡᠷ ᠪᠠᠢᠭᠤᠯᠤᠭᠰᠠᠨ ᠪᠢᠴᠢᠭ ᠦᠨ ᠰᠤᠷᠭᠠᠭᠤᠯᠢ ᠶᠢᠨ ᠲᠡᠮᠳᠡᠭᠯᠡᠯ》 ᠦᠨ ᠭᠡᠷᠡᠯᠲᠦ ᠬᠦᠰᠢᠶᠡᠨ ᠦ ᠪᠢᠴᠢᠭ ᠪᠤᠯ ᠶᠤᠸᠠᠨ ᠤᠯᠤᠰ ᠤᠨ ᠡᠩᠬᠡ ᠵᠠᠰᠠᠭᠲᠤ (ᠲᠠᠢ ᠳ᠋ᠢᠩ 泰定) ᠶᠢᠨ ᠬᠤᠶᠠᠳᠤᠭᠠᠷ ᠣᠨ (1325 ᠣᠨ) ᠳᠤ ᠰᠡᠢᠯᠦᠭᠳᠡᠨ ᠪᠤᠰᠬᠠᠭᠳᠠᠭᠰᠠᠨ ᠶᠤᠮ᠃ ᠲᠤᠰ ᠭᠡᠷᠡᠯᠲᠦ ᠬᠦᠰᠢᠶ᠎ᠡ ᠤᠤᠯ ᠨᠢ ᠣᠳᠣᠬᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠲᠦᠪ ᠪᠤᠷᠤᠬᠤᠲᠠ ᠪᠠᠯᠭᠠᠰᠤᠨ ᠤ ᠭᠤᠸᠠᠨ ᠭᠦᠩ ᠦᠨ ᠰᠦᠮ᠎ᠡ ᠳᠦ ᠪᠤᠰᠬᠠᠭᠳᠠᠵᠤ ᠪᠠᠢᠵᠠᠢ᠃ ᠬᠠᠭᠤᠷᠮᠠᠭ ᠮᠠᠨᠵᠤ ᠤᠯᠤᠰ ᠤᠨ ᠦᠶ᠎ᠡ ᠳᠦ ᠶᠠᠫᠤᠨ ᠤ ᠡᠷᠳᠡᠮᠲᠡᠨ ᠺᠤᠷᠢ ᠢ ᠷᠢᠤ ᠽᠤᠤ (乌居龙藏)ᠬᠢᠭᠡᠳ ᠲᠡᠮᠦᠷᠡ ᠵᠢᠼᠽᠤᠤ (田村实造) ᠭᠡᠳᠡᠭ ᠬᠤᠶᠠᠷ ᠬᠦᠮᠦᠨ ᠤᠷᠢᠳ ᠬᠤᠵᠢᠳ ᠲᠤᠰ ᠭᠡᠷᠡᠯᠲᠦ ᠬᠦᠰᠢᠶᠡᠨ ᠳᠦ ᠪᠠᠢᠴᠠᠭᠠᠯᠲᠠ ᠬᠢᠵᠦ ᠦᠩᠭᠡᠷᠡᠪᠡ᠃ ᠰᠡᠭᠦᠯ ᠦᠨ ᠦᠶ᠎ᠡ ᠳᠦ ᠡᠨᠡ ᠭᠡᠷᠡᠯᠲᠦ ᠬᠦᠰᠢᠶ ᠡ ᠨᠢ ᠬᠡᠳᠦᠢᠨ ᠠᠯᠠᠭ᠎ᠠ ᠪᠤᠯᠤᠭᠰᠠᠨ ᠪᠠᠢᠪᠠ᠃ 2005 ᠣᠨ ᠤ 10 ᠰᠠᠷ᠎ᠠ ᠶᠢᠨ 9 ᠤ ᠡᠳᠦᠷ ᠦᠨ ᠦᠳᠡ ᠶᠢᠨ ᠬᠤᠢᠨ᠎ᠠ᠂ ᠦᠪᠦᠷ ᠮᠣᠩᠭᠤᠯ ᠤᠨ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠳᠠᠬᠢ ᠬᠤᠩ ᠶᠤᠸᠠᠨ ᠪᠠᠷᠢᠯᠭ ᠠ ᠶᠢᠨ ᠺᠤᠮᠫᠠᠨᠢ ᠶᠢᠨ ᠭᠤᠷᠪᠠᠳᠤᠭᠠᠷ ᠬᠤᠪᠢᠶᠠᠷᠢ ᠺᠤᠮᠫᠠᠨᠢ ᠶᠢᠨ ᠠᠵᠢᠯᠴᠢᠳ ᠪᠤᠷᠤᠬᠤᠲᠠ ᠪᠠᠯᠭᠠᠰᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠤᠨ ᠰᠠᠭᠤᠴᠠ ᠶᠢᠨ ᠠᠰᠠᠷ ᠤᠨ ᠪᠠᠷᠢᠯᠭ᠎ᠠ ᠶᠢᠨ ᠠᠵᠢᠯ ᠢ ᠬᠢᠵᠦ ᠪᠠᠢᠬᠤ ᠦᠶ᠎ᠡ ᠳᠡᠭᠡᠨ ᠭᠠᠵᠠᠷ ᠳᠤᠤᠷ᠎ᠠ ᠪᠤᠯᠠᠭᠳᠠᠵᠤ ᠪᠠᠢᠭᠰᠠᠨ ᠡᠨᠡ ᠬᠦ ᠬᠦᠰᠢᠶ᠎ᠡ ᠶᠢ ᠢᠯᠡᠷᠡᠭᠦᠯᠪᠡ᠃
Original Literature View Original Paper
出自 中国蒙古学 2015年 第3期

联系我们


内蒙古大学图书馆
呼和浩特市大学西路235号
中国·内蒙古
P: (0471) 4992561
E: huangfeilong@imu.edu.cn